ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 - 5 ᠰᠠᠷ᠎ᠠ ᠳᠤ᠂ ᠪᠦᠬᠦ ᠣᠷᠣᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠢ 50.97 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.5% ᠪᠠᠭᠤᠷᠠᠵᠤ᠂ 1 — 4 ᠰᠠᠷ᠎ᠠ ᠲᠠᠢ ᠬᠠᠷᠢᠴᠠᠭᠤᠯᠪᠠᠯ 2. | 6 ᠵᠠᠭᠤᠨ ᠤ ᠴᠡᠭ ᠪᠠᠭᠤᠷᠠᠵᠠᠢ᠃ ᠡᠭᠦᠨ ᠳᠤ᠂ ᠭᠠᠳᠠᠭᠠᠳᠤ ᠭᠠᠷᠭᠠᠯᠲᠠ 19.87 ᠳ᠋ᠦᠩᠰᠢᠭᠤᠷ ᠳ᠋ᠣᠯᠯᠠᠷ ᠪᠠᠶᠢᠵᠤ᠂ | 1.7% ᠨᠡᠮᠡᠭᠳᠡᠵᠠᠶ︔ ᠭᠠᠳᠠᠭᠠᠳᠤ ᠣᠷᠣᠭᠤᠯᠤᠯᠲᠠ 31.10 ᠳ᠋ᠦᠩᠰᠢᠭᠤᠷ ᠳ᠋ᠣᠯᠯᠠᠷ ᠪᠠᠶᠢᠵᠤ᠂ 5.0% | ᠪᠠᠭᠤᠷᠠᠵᠠᠢ᠃ | 1 — 5 ᠰᠠᠷ᠎ᠠ ᠳᠤ᠂ ᠪᠦᠬᠦ ᠣᠷᠣᠨ ᠤ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ | 28.42 ᠳ᠋ᠦᠩᠰᠢᠭᠤᠷ ᠳ᠋ᠣᠯᠯᠠᠷ ᠪᠠᠶᠢᠵᠤ᠂ ᠬᠢᠯᠢ ᠶᠢᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 13. | 56 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 6.0% ᠪᠠ 7.5% | ᠪᠠᠭᠤᠷᠠᠵᠤ᠂ ᠲᠦᠷᠦᠭᠦᠦ 4 ᠰᠠᠷ᠎ᠠ ᠠᠴᠠ 1.5 ᠪᠠ 3.6 ᠵᠠᠭᠤᠨ ᠤ ᠴᠡᠭ ᠥᠷᠭᠡᠳᠴᠠᠢ᠃ ᠡᠳᠡᠰᠢᠯᠡᠭᠦᠯᠦᠨ | ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 58.2% ᠪᠠᠭᠤᠷᠠᠵᠤ᠂ ᠲᠦᠷᠦᠭᠦᠦ 4 | ᠰᠠᠷ᠎ᠠ ᠶᠢᠨ ᠬᠢ ᠠᠴᠠ ᠪᠠᠭᠤᠷᠠᠯᠲᠠ ᠶᠢᠨ ᠨᠤᠷᠮ᠎ᠠ ᠨᠢ 9.4 ᠵᠠᠭᠤᠨ ᠤ ᠴᠡᠭ ᠨᠡᠮᠡᠭᠳᠡᠵᠡᠢ᠃ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠤᠪᠢ ᠶᠢᠨ ᠵᠢᠩ | ᠳᠡᠭᠡᠭᠰᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠬᠤᠪᠢ ᠶᠢᠨ ᠵᠢᠩ ᠪᠠᠭᠤᠷᠠᠵᠠᠢ᠃ 1 — 5 ᠰᠠᠷ᠎ᠠ ᠳᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ | ᠭᠠᠳᠠᠭᠠᠳᠤ ᠣᠷᠣᠭᠤᠯᠤᠯᠲᠠ ᠭᠠᠷᠭᠠᠯᠲᠠ 34.76 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 5.0% ᠨᠡᠮᠡᠭᠳᠡᠪᠡ᠂ ᠪᠦᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠬᠤᠪᠢ ᠶᠢᠨ ᠵᠢᠩ ᠤᠨ 68.2% ᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ | ᠴᠡᠭ ᠳᠡᠭᠡᠭᠰᠢᠯᠡᠵᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ | 9.64 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.5% ᠪᠠᠭᠤᠷᠠᠵᠤ᠂ ᠪᠦᠬᠦ | ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠤᠪᠢ ᠶᠢᠨ ᠵᠢᠩ ᠤᠨ 18.9% ᠶᠢ ᠡᠵᠡᠯᠡᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ ᠴᠡᠭ ᠪᠠᠭᠤᠷᠠᠵᠡᠢ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 6.2 | ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.7% ᠪᠠᠭᠤᠷᠠᠵᠠᠢ᠃ ᠮᠣᠩᠭᠤᠯ᠂ | ᠭᠧᠷᠮᠠᠨ ᠵᠡᠷᠭᠡ ᠤᠯᠤᠰ ᠯᠤᠭ᠎ᠠ ᠶᠢᠨ ᠠᠷᠠᠯᠵᠢᠶ᠎ᠠ ᠨᠡᠮᠡᠭᠳᠡᠵᠦ᠂ ᠴᠠᠭᠠᠨ ᠣᠷᠣᠰ᠂ ᠠᠮᠧᠷᠢᠺᠠ᠂ ᠠᠦ᠋ᠰᠲᠷᠠᠯᠢᠶ᠎ᠠ ᠵᠡᠷᠭᠡ | ᠤᠯᠤᠰ ᠯᠤᠭ᠎ᠠ ᠶᠢᠨ ᠠᠷᠠᠯᠵᠢᠶ᠎ᠠ ᠪᠠᠭᠤᠷᠠᠵᠡᠢ᠃ 1 — 5 ᠰᠠᠷ᠎ᠠ ᠳᠤ᠂ ᠮᠠᠨ ᠤ ᠣᠷᠣᠨ ᠤ ᠮᠣᠩᠭᠤᠯ | ᠤᠯᠤᠰ ᠯᠤᠭ᠎ᠠ ᠶᠢᠨ ᠠᠷᠠᠯᠵᠢᠶ᠎ᠠ 13.55 ᠳ᠋ᠦᠩᠰᠢᠭᠤᠷ ᠳ᠋ᠣᠯᠯᠠᠷ ᠪᠠᠶᠢᠵᠤ᠂ 9.0% ᠨᠡᠮᠡᠭᠳᠡᠵᠦ᠂ ᠪᠦᠬᠦ ᠣᠷᠣᠨ | ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠲᠤᠭ᠎ᠠ ᠶᠢᠨ 26.6% ᠶᠢ ᠡᠵᠡᠯᠡᠵᠡᠢ᠂ ᠡᠭᠦᠨ ᠳᠤ | ᠮᠣᠩᠭᠤᠯ ᠠᠴᠠ ᠣᠷᠣᠭᠤᠯᠤᠭᠰᠠᠨ ᠨᠢ 10.5 ᠳ᠋ᠦᠩᠰᠢᠭᠤᠷ ᠳ᠋ᠣᠯᠯᠠᠷ ᠪᠠᠶᠢᠵᠤ᠂ 13.9% ᠨᠡᠮᠡᠭᠳᠡᠵᠦ᠂ ᠪᠦᠬᠦ | ᠣᠷᠣᠨ ᠤ ᠭᠠᠳᠠᠭᠠᠳᠤ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢᠨ 33.8% ᠶᠢ ᠡᠵᠡᠯᠡᠪᠡ᠃ ᠭᠧᠷᠮᠠᠨ᠂ ᠫᠧᠷᠦ᠋᠂ | ᠸᠢᠶᠧᠲᠨᠠᠮ ᠯᠤᠭ᠎ᠠ ᠶᠢᠨ ᠠᠷᠠᠯᠵᠢᠶ᠎ᠠ ᠲᠤᠰ ᠲᠤᠰ 86.5%᠂ 22.2% ᠪᠠ 51.7% ᠨᠡᠮᠡᠭᠳᠡᠵᠡᠢ᠃ |