1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 2283.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 ᠰᠠᠷ᠎ᠠ ᠶᠢᠨ ᠬᠢ ᠠᠴᠠ 0.2 ᠵᠠᠭᠤᠨ ᠤ | ᠴᠡᠭ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠲᠤᠭ᠎ᠠ 2067.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% | ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 216.5 | ᠳ᠋ᠦᠩᠰᠢᠭᠤᠷ ᠲᠥᠭᠦᠷᠢᠭ ᠲᠤ ᠬᠦᠷᠴᠦ᠂ 11.4% ᠨᠡᠮᠡᠭᠳᠡᠪᠡ᠃ | ᠡᠯ᠎ᠡ ᠳᠦᠷᠦᠯ ᠤᠨ ᠬᠢᠨᠠᠨ ᠬᠡᠮᠵᠢᠬᠦ ᠰᠢᠰᠲ᠋ᠧᠮ ᠤᠨ ᠢᠯᠡᠷᠡᠭᠦᠯᠦᠭᠰᠡᠨ ᠢᠶᠠᠷ ᠦᠵᠡᠪᠡᠯ᠄ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠲᠣᠭᠲᠠᠭᠤᠨ ᠪᠠᠶᠢᠨ᠎ᠠ᠃ 5 ᠰᠠᠷ᠎ᠠ ᠳᠤ ᠮᠠᠨ ᠤ ᠣᠷᠣᠨ ᠤ | ᠠᠭᠤᠷ ᠠᠮᠢᠰᠬᠤᠯ ᠬᠠᠯᠠᠭᠤᠷᠠᠵᠤ᠂ ᠪᠣᠷᠣᠭᠠᠨ ᠬᠤᠷ᠎ᠠ ᠡᠯᠪᠡᠭᠰᠢᠵᠦ᠂ ᠵᠠᠬ᠎ᠠ ᠳᠡᠯᠭᠡᠭᠦᠷ ᠤᠨ ᠲᠠᠸᠠᠷ ᠤᠨ ᠲᠦᠷᠦᠯ | ᠵᠦᠢᠯ ᠣᠯᠠᠰᠢᠷᠠᠵᠤ᠂ ᠠᠷᠠᠯᠵᠢᠶ᠎ᠠ ᠬᠦᠷ ᠬᠥᠭᠵᠢᠭᠡᠨ ᠲᠠᠢ ᠪᠣᠯᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠠᠬ᠎ᠠ | ᠳᠡᠯᠭᠡᠭᠦᠷ ᠤᠨ ᠠᠵᠢᠯᠯᠠᠭ᠎ᠠ ᠶᠡᠷᠦᠩᠬᠡᠶ ᠳᠡᠭᠡᠨ ᠲᠣᠭᠲᠠᠭᠤᠨ ᠶᠠᠪᠤᠭᠳᠠᠵᠤ᠂ ᠦᠨ᠎ᠡ ᠬᠠᠩᠰᠢ ᠪᠠᠭ᠎ᠠ ᠬᠡᠯᠪᠡᠯᠵᠡᠭᠰᠡᠨ | ᠪᠠᠶᠢᠨ᠎ᠠ᠂ ᠬᠢᠨᠠᠨ ᠬᠡᠮᠵᠢᠭᠰᠡᠨ 66 ᠲᠥᠷᠥᠯ ᠤᠨ ᠲᠠᠸᠠᠷ ᠤᠨ ᠳᠣᠲᠣᠷ᠎ᠠ᠂ 27 ᠲᠥᠷᠥᠯ ᠤᠨ ᠲᠠᠸᠠᠷ ᠤᠨ ᠦᠨ᠎ᠡ | ᠬᠠᠩᠰᠢ ᠥᠰᠴᠦ᠂ 40.91% ᠶᠢ ᠡᠵᠡᠯᠡᠵᠦ᠂ 39 ᠲᠠᠸᠠᠷ ᠤᠨ ᠦᠨ᠎ᠡ ᠬᠠᠩᠰᠢ ᠪᠠᠭᠤᠷᠠᠵᠤ᠂ 59.09% ᠶᠢ | ᠡᠵᠡᠯᠡᠪᠡ᠃ ᠡᠭᠦᠨ ᠳᠤ᠄ ᠠᠮᠤ ᠪᠤᠳᠠᠭᠠᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠨᠢ ᠲᠦᠷᠦᠭᠦᠤ | ᠬᠤᠭᠤᠴᠠᠭᠠᠨ ᠤ ᠬᠢ ᠠᠴᠠ ᠪᠠᠨ1.99% ᠥᠰᠴᠦ᠂ ᠢᠳᠡᠰᠢᠨ ᠲᠤᠰᠤᠨ ᠤ ᠵᠢᠵᠢᠭᠯᠡᠨ ᠬᠤᠳᠠᠯᠳᠤᠬᠰᠠᠨ ᠳᠤᠮᠳᠠᠴᠢ | ᠦᠨ᠎ᠡ ᠨᠢ ᠲᠦᠷᠦᠭᠦᠤ ᠬᠤᠭᠤᠴᠠᠭᠠᠨ ᠤ ᠬᠢ ᠠᠴᠠ ᠪᠠᠨ 0.67%ᠥᠰᠴᠦ᠂ ᠭᠠᠭ᠋ᠠᠶ ᠶᠢᠨ ᠮᠢᠬ᠎ᠠ ᠶᠢᠨ ᠵᠢᠵᠢᠭᠯᠡᠨ | ᠬᠤᠳᠠᠯᠳᠤᠬᠰᠠᠨ ᠳᠤᠮᠳᠠᠴᠢ ᠦᠨ᠎ᠡ ᠨᠢ ᠲᠦᠷᠦᠭᠦᠤ ᠬᠤᠭᠤᠴᠠᠭᠠᠨ ᠤ ᠬᠢ ᠠᠴᠠ ᠪᠠᠨ 3.96% ᠥᠰᠴᠦ᠂ | ᠦᠬᠡᠷ ᠤᠨ ᠭᠤᠶᠠᠨ ᠮᠢᠬ᠎ᠠ᠂ ᠬᠤᠨᠢᠨ ᠤ ᠭᠤᠶᠠᠨ ᠮᠢᠬᠠᠨ ᠤ ᠵᠢᠵᠢᠭᠯᠡᠨ ᠬᠤᠳᠠᠯᠳᠤᠬᠰᠠᠨ ᠦᠨ᠎ᠡ ᠨᠢ ᠲᠦᠷᠦᠭᠦᠦ | ᠬᠤᠭᠤᠴᠠᠭᠠᠨ ᠤ ᠬᠢ ᠠᠴᠠ ᠲᠤᠰ ᠲᠤᠰ 5.27%᠂ 5.16% ᠥᠰᠴᠦ᠂ ᠳᠠᠬᠢᠶᠠᠨ ᠥᠨᠳᠡᠭᠡᠨ ᠤ ᠵᠢᠵᠢᠭᠯᠡᠨ | ᠬᠤᠳᠠᠯᠳᠤᠬᠰᠠᠨ ᠦᠨ᠎ᠡ ᠨᠢ ᠲᠦᠷᠦᠭᠦᠦ ᠬᠤᠭᠤᠴᠠᠭᠠᠨ ᠤ ᠬᠢ ᠠᠴᠠ 1.72% ᠪᠠᠭᠤᠷᠠᠵᠤ᠂ ᠢᠳᠡᠰᠢᠨ | ᠨᠣᠭᠤᠭᠠᠨ ᠤ ᠵᠢᠵᠢᠭᠯᠡᠨ ᠬᠤᠳᠠᠯᠳᠤᠬᠰᠠᠨ ᠳᠤᠮᠳᠠᠴᠢ ᠦᠨ᠎ᠡ ᠨᠢ ᠲᠦᠷᠦᠭᠦᠦ ᠬᠤᠭᠤᠴᠠᠭᠠᠨ ᠤ ᠬᠢ ᠠᠴᠠ 9.49% | ᠪᠠᠭᠤᠷᠠᠵᠤ᠂ ᠵᠢᠮᠢᠰ ᠤᠨ ᠵᠢᠵᠢᠭᠯᠡᠨ ᠬᠤᠳᠠᠯᠳᠤᠬᠰᠠᠨ ᠳᠤᠮᠳᠠᠴᠢ ᠦᠨ᠎ᠡ ᠨᠢ ᠲᠦᠷᠦᠭᠦᠦ ᠬᠤᠭᠤᠴᠠᠭᠠᠨ ᠤ ᠬᠢ ᠠᠴᠠ | 3.9% ᠪᠠᠭᠤᠷᠠᠪᠠ᠃ ᠵᠢᠱᠢᠯᠲᠡ ᠪᠠᠷ ᠬᠤᠶᠢᠰᠢᠳᠠ ᠶᠢᠨ ᠬᠤᠭᠤᠴᠠᠭᠠᠨ ᠳᠤ ᠠᠮᠢᠳᠤᠷᠠᠯ ᠤᠨ ᠴᠢᠬᠤᠯᠠ ᠬᠡᠷᠡᠭᠯᠡᠭᠡᠨ ᠤ | ᠵᠠᠬ᠎ᠠ ᠳᠡᠯᠭᠡᠭᠦᠷ ᠤᠨ ᠪᠦᠬᠦ᠋ᠢᠯᠡ ᠴᠣᠭᠴᠠ ᠶᠢᠨ ᠦᠨ᠎ᠡ ᠦᠷᠭᠦᠯᠵᠢᠯᠡᠨ ᠪᠠᠭ᠎ᠠ ᠬᠡᠮᠵᠢᠶ᠎ᠡ ᠪᠠᠷ ᠪᠠᠭᠤᠷᠠᠬᠤ ᠪᠣᠯᠣᠨ᠎ᠠ᠃ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠰᠤᠯᠠᠬᠠᠨ ᠪᠠᠶᠢᠨ᠎ᠠ᠃ 1 — 5 ᠳ᠋ᠤᠭᠠᠷ | ᠰᠠᠷ᠎ᠠ ᠳᠤ᠂ ᠮᠠᠨ ᠤ ᠣᠷᠣᠨ ᠤ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ | ᠦᠷᠭᠦᠯᠵᠢᠯᠡᠨ ᠳᠣᠷᠣᠭᠰᠢᠯᠠᠪᠠ᠂ ᠡᠭᠦᠨ ᠳᠤ᠄ ᠨᠡᠭᠦᠷᠡᠰᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠦᠷᠦᠯᠴᠡᠭᠡ ᠦᠭᠡᠢ | ᠂ ᠬᠥᠮᠥᠷᠭᠡ ᠶᠢᠨ ᠬᠠᠳᠠᠭᠠᠯᠠᠮᠵᠢ ᠥᠨᠳᠦᠷ ᠪᠠᠶᠢᠵᠤ᠂ ᠨᠡᠭᠦᠷᠡᠰᠦᠨ ᠤ ᠦᠨ᠎ᠡ ᠨᠢ ᠲᠦᠷᠦᠭᠦᠦ | ᠬᠤᠭᠤᠴᠠᠭᠠᠨ ᠤ ᠬᠢ ᠠᠴᠠ 1. 6% ᠪᠠᠭᠤᠷᠠᠵᠤ᠂ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠥᠭᠡᠳᠡ | ᠦᠭᠡᠶ ᠨᠥᠯᠥᠭᠡ ᠶᠢ ᠬᠦᠷᠲᠡᠵᠦ᠂ ᠪᠤᠯᠤᠳ ᠮᠠᠲ᠋ᠧᠷᠢᠶᠠᠯ ᠤᠨ ᠦᠨ᠎ᠡ ᠨᠢ ᠲᠦᠷᠦᠭᠦᠦ ᠬᠤᠭᠤᠴᠠᠭᠠᠨ ᠤ ᠬᠢ ᠠᠴᠠ 0. | 2% ᠪᠠᠭᠤᠷᠠᠪᠠ︔ 5 ᠳ᠋ᠤᠭᠠᠷ ᠰᠠᠷ᠎ᠠ ᠪᠣᠯ ᠮᠠᠨ ᠤ ᠣᠷᠣᠨ ᠤ ᠬᠢᠮᠢ ᠶᠢᠨ ᠪᠤᠷᠳᠤᠭᠤᠷ ᠤᠨ ᠬᠡᠷᠡᠭᠴᠡᠭᠡ ᠬᠥᠭᠵᠢᠯ | ᠦᠭᠡᠢ ᠤᠯᠠᠷᠢᠯ ᠪᠣᠯᠣᠨ᠎ᠠ᠂ ᠬᠢᠮᠢ ᠶᠢᠨ ᠪᠤᠷᠳᠤᠭᠤᠷ ᠤᠨ ᠬᠡᠷᠡᠭᠴᠡᠭᠡ ᠬᠢᠵᠠᠭᠠᠷ ᠲᠠᠢ ᠪᠠᠶᠢᠵᠤ᠂ ᠬᠢᠮᠢ ᠶᠢᠨ | ᠪᠤᠷᠳᠤᠭᠤᠷ ᠤᠨ ᠦᠨ᠎ᠡ ᠨᠢ ᠲᠦᠷᠦᠭᠦᠦ ᠬᠤᠭᠤᠴᠠᠭᠠᠨ ᠤ ᠬᠢ ᠠᠴᠠ 0.1% ᠪᠠᠭᠤᠷᠠᠵᠤ᠂ ᠱᠦᠢᠨᠢ ᠶᠢᠨ ᠦᠨ᠎ᠡ | ᠬᠠᠩᠰᠢ ᠬᠤᠪᠢᠷᠠᠯᠲᠠ ᠭᠠᠷᠤᠭᠰᠠᠨ ᠦᠭᠡᠶ᠃ | ᠠᠷᠢᠬᠢᠨ ᠤ ᠲᠥᠷᠥᠯ ᠤᠨ ᠪᠣᠷᠣᠯᠠᠭᠤᠯᠤᠯᠲᠠ ᠶᠢᠨ ᠵᠠᠬ᠎ᠠ ᠳᠡᠯᠭᠡᠭᠦᠷ ᠠᠯᠭᠤᠷ ᠳᠡᠭᠡᠭᠰᠢᠯᠡᠪᠡ᠃ ᠮᠠᠨ ᠤ | ᠣᠷᠣᠨ ᠤ ᠠᠷᠢᠬᠢ ᠶᠢᠨ ᠲᠥᠷᠥᠯ ᠤᠨ ᠲᠠᠸᠠᠷ ᠢ ᠪᠥᠭᠡᠮ ᠢᠶᠠᠷ ᠪᠣᠷᠣᠯᠠᠭᠤᠯᠬᠤ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠬᠡᠮᠵᠢᠶ᠎ᠡ ᠪᠠ ᠪᠣᠷᠣᠯᠠᠭᠤᠯᠤᠯᠲᠠ ᠶᠢᠨ ᠲᠤᠭ᠎ᠠ ᠨᠢ ᠲᠦᠷᠦᠭᠦᠦ ᠭᠤᠷᠪᠠᠨ ᠰᠠᠷ᠎ᠠ ᠳᠤ | ᠳᠣᠷᠣᠭᠰᠢᠯᠠᠬᠤ ᠬᠠᠨᠳᠤᠰᠢ ᠲᠠᠢ ᠪᠠᠶᠢᠪᠠ᠂ 4 — 5 ᠳ᠋ᠤᠭᠠᠷ ᠰᠠᠷ᠎ᠠ ᠳᠤ ᠰᠡᠷᠭᠦᠭᠡᠯᠲᠡ ᠶᠢᠨ ᠴᠢᠨᠠᠷᠲᠠᠶ ᠳᠡᠭᠡᠭᠰᠢᠯᠡᠬᠦ | ᠬᠠᠨᠳᠤᠰᠢ ᠲᠠᠢ ᠪᠣᠯᠪᠠ᠂ ᠡᠭᠦᠨ ᠳᠤ᠄ 5 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠪᠠ | ᠪᠣᠷᠣᠯᠠᠭᠤᠯᠤᠯᠲᠠ ᠶᠢᠨ ᠲᠤᠭ᠎ᠠ ᠨᠢ ᠲᠦᠷᠦᠭᠦᠦ ᠬᠤᠭᠤᠴᠠᠭᠠᠨ ᠤ ᠬᠢ ᠠᠴᠠ ᠲᠣᠰ ᠲᠣᠰ 18.4%᠂ 31. 9% | ᠨᠡᠮᠡᠭᠳᠡᠭᠰᠡᠨ ᠪᠣᠯᠪᠠᠴᠣ ᠨᠢᠳᠤᠨᠤᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ ᠮᠥᠨ ᠯᠡ ᠳᠣᠣᠷ᠎ᠠ ᠰᠢᠭ᠋ ᠪᠠᠶᠢᠨ᠎ᠠ︔ | ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ ᠪᠠ | ᠪᠣᠷᠣᠯᠠᠭᠤᠯᠤᠯᠲᠠ ᠶᠢᠨ ᠲᠤᠭ᠎ᠠ ᠨᠢ ᠬᠠᠷᠢᠴᠠᠩᠭᠤᠶ ᠨᠡᠯᠢᠶᠡᠳ ᠲᠣᠭᠲᠠᠭᠤᠨ ᠪᠠᠶᠢᠵᠤ᠂ ᠵᠣᠬᠢᠬᠤ ᠬᠡᠪᠴᠢᠶᠡᠨ ᠳᠣᠲᠣᠷ᠎ᠠ | ᠪᠠᠭ᠎ᠠ ᠬᠡᠯᠪᠡᠯᠵᠡᠯ ᠲᠠᠢ ᠪᠠᠶᠢᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠴᠢᠶ᠋ᠢᠦ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠨᠡᠮᠡᠭᠳᠡᠵᠦ᠂ ᠴᠠᠶᠢᠶ᠋ᠢᠦ ᠶᠢᠨ ᠪᠣᠷᠣᠯᠠᠭᠤᠯᠤᠯᠲᠠ ᠶᠢᠨ ᠬᠡᠮᠵᠢᠶ᠎ᠡ ᠪᠠᠭᠤᠷᠠᠪᠠ᠃ ᠠᠵᠤ | ᠠᠬᠤᠶ ᠪᠠᠭᠤᠷᠠᠬᠤ ᠳᠠᠷᠤᠯᠲᠠ ᠪᠠ ᠠᠵᠢᠯ ᠡᠬᠢᠯᠡᠭᠦᠯᠦᠭᠰᠡᠨ ᠲᠤᠭ᠎ᠠ ᠳᠤᠲᠠᠮᠠᠭ ᠪᠠᠶᠢᠬᠤ ᠨᠥᠯᠥᠭᠡᠯᠡᠯ ᠠᠴᠠ ᠪᠤᠯᠵᠤ᠂ | 1 - 5 ᠳ᠋ᠤᠭᠠᠷ ᠰᠠᠷ᠎ᠠ ᠳᠤ᠂ ᠮᠠᠨ ᠤ ᠣᠷᠣᠨ ᠤ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠨᠡᠶᠢᠲᠡ | ᠪᠣᠷᠣᠯᠠᠭᠤᠯᠤᠯᠲᠠ ᠶᠢᠨ ᠬᠡᠮᠵᠢᠶ᠎ᠡ 306.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 61% ᠪᠠᠭᠤᠷᠠᠪᠠ᠃ ᠡᠭᠦᠨ ᠳᠤ᠄ ᠴᠠᠶᠢᠶ᠋ᠢᠦ 185.52 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.26% ᠪᠠᠭᠤᠷᠠᠵᠤ᠂ ᠴᠢᠶ᠋ᠢᠦ ᠶᠢᠨ ᠪᠣᠷᠣᠯᠠᠭᠤᠯᠤᠯᠲᠠ ᠶᠢᠨ ᠬᠡᠮᠵᠢᠶ᠎ᠡ 120.84 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ 5 ᠳ᠋ᠤᠭᠠᠷ | ᠰᠠᠷ᠎ᠠ ᠳᠤ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠪᠣᠷᠣᠯᠠᠭᠤᠯᠤᠯᠲᠠ ᠶᠢᠨ ᠬᠡᠮᠵᠢᠶ᠎ᠡ 61.92 ᠲᠦᠮᠡᠨ | ᠲᠣᠨ ᠳᠤ ᠬᠦᠷᠴᠦ᠂ ᠲᠦᠷᠦᠭᠦᠦ ᠬᠤᠭᠤᠴᠠᠭᠠᠨ ᠤ ᠬᠢ ᠠᠴᠠ 7.54% ᠪᠠᠭᠤᠷᠠᠪᠠ᠃ ᠡᠭᠦᠨ ᠳᠤ ᠄ ᠴᠠᠶᠢᠶ᠋ᠢᠦ 38. | 16 ᠲᠦᠮᠡᠨ ᠲᠣᠨ ᠳᠤ ᠬᠦᠷᠴᠦ᠂ ᠲᠦᠷᠦᠭᠦᠦ ᠬᠤᠭᠤᠴᠠᠭᠠᠨ ᠤ ᠬᠢ ᠠᠴᠠ 12.22% ᠪᠠᠭᠤᠷᠠᠵᠤ᠂ ᠴᠢᠶ᠋ᠢᠦ ᠶᠢᠨ | ᠪᠣᠷᠣᠯᠠᠭᠤᠯᠤᠯᠲᠠ ᠶᠢᠨ ᠬᠡᠮᠵᠢᠶ᠎ᠡ 23.76 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1. | 1% ᠨᠡᠮᠡᠭᠳᠡᠪᠡ᠃ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠲᠣᠭᠲᠠᠭᠤᠨ ᠨᠡᠮᠡᠭᠳᠡᠪᠡ᠃ ᠲᠥᠪ ᠤᠨ ᠨᠠᠢᠮᠠᠨ | ᠲᠣᠭᠲᠠᠭᠠᠯ ᠪᠣᠯᠤᠨ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠲᠦᠷᠦ ᠶᠢᠨ ᠪᠤᠳᠤᠯᠭ᠎ᠠ ᠶᠢ | ᠤᠯᠠᠮ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠠᠭᠠᠯᠳᠤᠨ᠂ ᠮᠠᠨ ᠤ ᠣᠷᠣᠨ ᠤ ᠢᠳᠡᠭᠡᠨ | ᠤᠮᠳᠠᠭᠠᠨ ᠤ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠲᠣᠬᠢᠷᠠᠭᠤᠯᠵᠤ᠂ ᠠᠯᠪᠠᠨ ᠶᠠᠪᠤᠳᠠᠯ ᠤᠨ ᠳᠠᠶᠢᠯᠠᠯᠭ᠎ᠠ᠂ ᠬᠤᠷᠠᠯ ᠪᠣᠯᠪᠠᠰᠤᠷᠠᠯ | ᠵᠡᠷᠭᠡ ᠶᠡᠭᠡ ᠪᠠᠷ ᠪᠠᠭᠠᠰᠤᠭᠰᠠᠨ ᠪᠠᠶᠢᠳᠠᠯ ᠳᠣᠣᠷ᠎ᠠ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠲᠣᠭᠲᠠᠭᠤᠨ | ᠨᠡᠮᠡᠭᠳᠡᠯ ᠢ ᠪᠡᠶᠡᠯᠡᠭᠦᠯᠪᠡ᠃ 1 — 5 ᠳ᠋ᠤᠭᠠᠷ ᠰᠠᠷ᠎ᠠ ᠳᠤ ᠪᠥᠬᠦ ᠣᠷᠣᠨ ᠤ ᠢᠳᠡᠭᠡᠨ ᠤᠮᠳᠠᠭᠠᠨ ᠤ ᠦᠢᠯᠡᠰ ᠤᠨ | ᠣᠷᠣᠯᠭ᠎ᠠ 348.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11% | ᠨᠡᠮᠡᠭᠳᠡᠪᠡ᠃ |