ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠄ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠥᠯᠥᠭ ᠤᠨ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠤᠷᠭᠠᠭᠤᠯᠢ ᠳᠤ ᠥᠨᠥᠳᠦᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ
ᠨᠡᠶᠢᠲᠡᠯᠡᠭᠰᠡᠨ ᠴᠠᠭ᠄
2017/7/6
      2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠥᠯᠥᠭ ᠤᠨ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠤᠷᠢᠳᠴᠢᠯᠠᠨ ᠡᠯᠰᠡᠬᠦ ᠶᠡᠭᠡ ᠳᠡᠭᠡᠳᠦ ᠰᠤᠷᠭᠠᠭᠤᠯᠢ ᠵᠢᠴᠢ ᠰᠦᠢᠳᠬᠡᠯ ᠦᠯᠦ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢ᠂ ᠰᠦᠢᠳᠬᠡᠯ ᠦᠯᠦ ᠬᠤᠷᠢᠶᠠᠬᠤ ᠠᠨᠠᠭᠠᠬᠤ ᠤᠬᠠᠭᠠᠨ ᠤ ᠲᠣᠭᠲᠠᠭᠰᠠᠨ ᠬᠠᠨᠳᠤᠯᠭᠠᠲᠤ ᠰᠤᠷᠦᠬᠴᠢ᠂ ᠲᠥᠯᠥᠪᠯᠡᠭᠡᠨ ᠤ ᠲᠤᠭ᠎ᠠ ᠪᠠᠨ ᠨᠡᠶᠢᠲᠡᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ᠂ ᠴᠥᠬᠡᠨ ᠬᠡᠷᠡᠭᠯᠡᠭᠳᠡᠬᠦ ᠬᠡᠯᠡ ᠪᠣᠯᠣᠨ ᠳᠠᠯᠠᠶ ᠶᠢᠨ ᠠᠶᠠᠯᠠᠯ ᠤᠨ ᠲᠥᠷᠥᠯ ᠤᠨ ᠲᠤᠰᠬᠠᠶ ᠮᠡᠷᠭᠡᠵᠢᠯ ᠳᠤ 7 ᠳ᠋ᠤᠭᠠᠷ ᠰᠠᠷ᠎ᠠ ᠶᠢᠨ 6᠎ ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ᠃      ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠣᠳᠠᠲᠠᠶ ᠴᠠᠭ᠄ 8᠄00᠎ ᠠᠴᠠ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ︔ 9᠄00᠎ ᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠠᠩᠬ᠎ᠠ ᠤᠳᠠᠭ᠎ᠠ ᠨᠡᠶᠢᠲᠡᠯᠡᠵᠦ᠂ ᠰᠡᠭᠦᠯᠡᠷ ᠨᠢ ᠴᠠᠭ ᠪᠦᠷᠢ ᠨᠢᠭᠡ ᠤᠳᠠᠭ᠎ᠠ ᠨᠡᠶᠢᠲᠡᠯᠡᠨ᠎ᠡ︔ 10:30 ᠪᠣᠯᠪᠠᠯ᠂ ᠡᠷᠡᠮᠡᠯᠵᠡᠯ ᠢᠶᠠᠨ ᠨᠢᠭᠡᠨᠲᠡ ᠲᠠᠭᠯᠠᠭᠰᠠᠨ ᠰᠢᠯᠭᠠᠭᠤᠯᠤᠭᠴᠢ ᠡᠷᠡᠮᠡᠯᠵᠡᠯ ᠢᠶᠠᠨ ᠬᠠᠰᠤᠵᠤ ᠪᠣᠯᠬᠤ ᠦᠭᠡᠢ᠂ ᠵᠥᠪᠬᠡᠨ ᠵᠠᠰᠠᠪᠤᠷᠢ ᠣᠷᠤᠭᠤᠯᠵᠤ ᠪᠣᠯᠣᠨ᠎ᠠ︔ 11:00 ᠪᠣᠯᠪᠠᠯ᠂ ᠡᠷᠡᠮᠡᠯᠵᠡᠯ ᠢᠶᠠᠨ ᠲᠠᠭᠯᠠᠭᠠᠳᠤᠢ ᠰᠢᠯᠭᠠᠭᠤᠯᠤᠭᠴᠢ ᠡᠷᠡᠮᠡᠯᠵᠡᠯ ᠢᠶᠠᠨ ᠲᠠᠭᠯᠠᠬᠤ ᠶᠢ ᠨᠢ ᠬᠦᠯᠢᠶᠡᠬᠦ ᠦᠭᠡᠢ ᠪᠦᠭᠡᠳ ᠡᠷᠡᠮᠡᠯᠵᠡᠯ ᠢᠶᠠᠨ ᠲᠠᠭᠯᠠᠭᠰᠠᠨ ᠰᠢᠯᠭᠠᠭᠤᠯᠤᠭᠴᠢ ᠯᠡ ᠡᠷᠡᠮᠡᠯᠵᠡᠯ ᠳᠡᠭᠡᠨ ᠵᠠᠰᠠᠪᠤᠷᠢ ᠣᠷᠣᠭᠤᠯᠵᠦ ᠪᠣᠯᠣᠨ᠎ᠠ︔ 12:00 ᠪᠣᠯᠪᠠᠯ᠂ 600 ᠵᠢᠴᠢ ᠲᠡᠭᠦᠨ ᠠᠴᠠ ᠳᠡᠭᠡᠭᠰᠢ ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 13:00 ᠪᠣᠯᠪᠠᠯ᠂ 550 — 599 ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 14:00 ᠪᠣᠯᠪᠠᠯ᠂ 500 — 549 ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 15:00 ᠪᠣᠯᠪᠠᠯ᠂ 450 —499 ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 16:00 ᠪᠣᠯᠪᠠᠯ᠂ 400 — 449 ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 17:00 ᠪᠣᠯᠪᠠᠯ᠂ 350 —399 ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ︔ 18:00 ᠪᠣᠯᠪᠠᠯ᠂ 349 ᠵᠢᠴᠢ ᠲᠡᠭᠦᠨ ᠠᠴᠠ ᠪᠠᠭ᠎ᠠ ᠬᠤᠪᠢ ᠣᠯᠣᠭᠰᠠᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠠᠭᠤᠰᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠥᠷᠭᠡᠨ ᠤᠯᠠᠨ ᠰᠢᠯᠭᠠᠭᠤᠯᠤᠭᠴᠢ ᠳᠤ ᠰᠠᠨᠠᠭᠤᠯᠬᠤ ᠨᠢ᠄ ᠴᠠᠭ ᠲᠤᠬᠠᠢ ᠳᠤᠨᠢ ︽ᠰᠢᠯᠭᠠᠭᠤᠯᠤᠭᠴᠢ ᠳᠤ ᠦᠢᠯᠡᠴᠢᠯᠡᠬᠦ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ︾᠎ ᠳᠤ ᠭᠠᠷᠤᠭᠠᠷᠠᠢ ᠂ ᠨᠠᠷᠢᠨ ᠪᠠᠶᠢᠳᠠᠯ ᠢ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︾᠎ ᠶᠢᠨ ︵ᠰᠦᠯᠵᠢᠶᠡᠨ ᠤ ᠬᠠᠶ᠋ᠢᠭ᠄ http᠄//www.nm.zsks.cn︶᠂ ︽2017 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠰᠢᠯᠭᠠᠭᠤᠯᠬᠤ ᠡᠷᠡᠮᠡᠯᠵᠡᠯ ᠢᠶᠠᠨ ᠲᠠᠭᠯᠠᠬᠤ ᠲᠤᠰᠬᠠᠶ ᠪᠤᠯᠤᠩ︾᠂ ︽2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠯᠪᠠᠨ ᠵᠠᠷ ︵3 ᠳ᠋ᠤᠭᠠᠷ ᠲᠣᠭᠠᠲᠤ︶᠎ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠠᠳᠤᠭᠠᠷ ᠤᠳᠠᠭ᠎ᠠ︾᠎ ᠠᠴᠠ ᠯᠠᠪᠯᠠᠭᠠᠷᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号