ᠦᠪᠦᠷ ᠮᠤᠩᠭᠤᠯ ᠤᠨ ᠨᠢᠭᠡᠲᠦᠮᠡᠯ ᠹᠷᠦᠨᠲ ᠤᠨ ᠬᠢᠨ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠬᠢᠪᠡ  ᠵᠠᠩ ᠵᠢᠶᠠᠨ ᠮᠢᠨ ᠬᠤᠷᠠᠯ ᠳᠤ ᠣᠷᠤᠯᠴᠠᠵᠤ  ᠸᠠᠩ ᠯᠢ ᠰᠢᠶᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2017/7/7
      7 ᠳ᠋ᠤᠭᠠᠷ ᠰᠠᠷ᠎ᠠ ᠶᠢᠨ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠨᠢᠭᠡᠲᠦᠮᠡᠯ ᠹᠷᠦᠨᠲ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ ᠠ ᠶᠢᠨ ᠪᠠᠶᠢᠩᠭᠤ ᠶᠢᠨ ᠬᠡᠰᠢᠬᠦᠨ᠂ ᠨᠢᠭᠡᠲᠦᠮᠡᠯ ᠹᠷᠦᠨᠲ ᠤᠨ ᠬᠡᠯᠲᠡᠰ ᠤᠨ ᠳᠠᠷᠤᠭ᠎ᠠ ᠸᠠᠩ ᠯᠢ ᠰᠢᠶᠠ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠷᠦᠩ ᠰᠢ᠂ ᠯᠢᠶᠠᠨ ᠰᠦ᠋᠂ ᠵᠧᠩ ᠹᠦ᠋ ᠲᠢᠶᠠᠨ᠂ ᠸᠠᠩ ᠬᠤᠸᠠᠨ ᠴᠧᠩ ᠬᠤᠷᠠᠯ ᠳᠤ ᠤᠷᠤᠯᠴᠠᠵᠠᠢ᠃      ᠸᠠᠩ ᠯᠢ ᠰᠢᠶᠠ ᠶᠠᠭᠤᠨ ᠤ ᠡᠮᠤᠨ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠨᠢᠭᠡᠲᠦᠮᠡᠯ ᠹᠷᠦᠨᠲ ᠤᠨ ᠬᠡᠯᠲᠡᠰ ᠢ ᠲᠦᠯᠦᠭᠡᠯᠡᠨ᠂ ᠪᠦᠬᠦ ᠤᠷᠤᠨ ᠤ ᠨᠢᠭᠡᠲᠦᠮᠡᠯ ᠹᠷᠦᠨᠲ ᠤᠨ ᠦᠷᠭᠡᠨ ᠤᠯᠠᠨ ᠪᠦᠷᠢᠯᠳᠦᠬᠦᠨ ᠳᠤ ᠡᠷᠬᠢᠮ ᠲᠡᠭᠡᠳᠤ ᠬᠦᠨᠳᠦᠳᠭᠡᠯ ᠪᠤᠯᠤᠨ ᠴᠢᠩ ᠦᠨᠡᠨᠴᠢ ᠮᠡᠨᠳᠦᠴᠢᠯᠠᠯ ᠢᠶᠠᠨ ᠳᠡᠪᠰᠢᠬᠦᠯᠪᠡ᠃ ᠸᠠᠩ ᠯᠢ ᠰᠢᠶᠠ᠂ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠲᠤᠷᠰᠢ᠂ ᠪᠦᠬᠦ ᠤᠷᠤᠨ ᠤ ᠨᠢᠭᠡᠲᠦᠮᠡᠯ ᠹᠷᠦᠨᠲ ᠤᠨ ᠬᠢᠨ ᠳᠤᠮᠳᠠᠳᠦ ᠤᠯᠤᠰ ᠤᠨ ᠡᠪ ᠬᠠᠮᠲᠦ ᠨᠠᠮ ᠤᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠲᠠᠰᠤᠷᠠᠯᠳᠠ ᠦᠭᠡᠢ ᠪᠠᠬᠢᠵᠢᠨ ᠬᠦᠭᠵᠢᠵᠦ᠂ ᠬᠤᠪᠢᠰᠬᠠᠯ᠂ ᠪᠦᠲᠦᠬᠡᠨ ᠪᠠᠶᠢᠭᠤᠯᠤᠯᠲᠠ ᠪᠤᠯᠤᠨ ᠦᠭᠡᠷᠡᠴᠢᠯᠡᠯᠲᠡ ᠳᠤᠮᠲᠠ ᠤᠷᠤᠯᠠᠭᠤᠯᠵᠦ ᠪᠤᠯᠤᠰᠢ ᠦᠬᠡᠢ ᠴᠢᠬᠤᠯᠠ ᠦᠢᠯᠡᠳᠦᠯ ᠢᠶᠠᠨ ᠪᠠᠳᠠᠷᠠᠭᠤᠯᠵᠦ᠂ ᠲᠡᠥᠭᠡᠳᠤ ᠴᠢᠨᠠᠷᠲᠠᠢ ᠬᠤᠪᠢ ᠨᠡᠮᠡᠷᠢ ᠦᠵᠡᠬᠦᠯᠪᠠ᠃ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠨᠢᠭᠡᠲᠦᠮᠡᠯ ᠹᠷᠦᠨᠲ ᠤᠨ ᠦᠢᠯᠡᠰ ᠪᠦᠬᠦ ᠲᠠᠯ᠎ᠠ ᠪᠠᠷ ᠳᠡᠭᠡᠭᠰᠢᠯᠡᠨ ᠰᠢᠨ᠎ᠠ ᠲᠡᠭᠳᠡᠷ ᠳᠤ ᠭᠠᠷᠴᠤ᠂ ᠪᠦᠯᠬᠦᠮᠳᠡᠭᠰᠡᠨ᠂ ᠡᠷᠡᠯᠭᠡᠭᠯᠡᠨ ᠲᠡᠮᠡᠴᠡᠭᠰᠡᠨ᠂ ᠠᠮᠢᠵᠢᠷᠠᠯ ᠤᠨ ᠬᠦᠴᠤᠨ ᠢᠶᠠᠷ ᠪᠢᠯᠬᠠᠮ᠎ᠠ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ ᠭᠡᠪᠠ᠃      ᠸᠠᠩ ᠯᠢ ᠰᠢᠶᠠ᠂ ᠦᠪᠦᠷ ᠮᠤᠩᠭᠤᠯ ᠤᠨ ᠨᠢᠭᠡᠲᠦᠮᠡᠯ ᠹᠷᠦᠨᠲ ᠤᠨ ᠬᠢᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠳᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ︽ᠲᠦᠷᠪᠡᠨ ᠤᠬᠠᠮᠰᠠᠷ︾᠎ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠤᠨ᠂ ︽ᠲᠦᠷᠪᠡᠨ ᠢᠲᠡᠭᠡᠯ︾᠎ ᠢᠶᠠᠨ ᠪᠠᠲᠤᠳᠬᠠᠵᠦ᠂ ᠳᠤᠮᠳᠠᠳᠦ ᠤᠯᠤᠰ ᠤᠨ ᠡᠪ ᠬᠠᠮᠲᠦ ᠨᠠᠮ ᠤᠨ ᠨᠢᠭᠡᠲᠦᠯᠲᠡᠢ ᠤᠳᠤᠷᠢᠳᠤᠯᠭ᠎ᠠ ᠶᠢ ᠢᠮᠠᠬᠳᠠ ᠭᠤᠶᠢᠪᠢᠰᠢ ᠦᠭᠡᠢ ᠪᠠᠷᠢᠮᠲᠠᠯᠠᠵᠦ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠢᠮᠠᠬᠳᠠ ᠭᠤᠶᠢᠪᠢᠰᠢ ᠦᠭᠡᠢ ᠴᠢᠩᠭᠠᠳᠬᠠᠵᠦ᠂ ᠪᠦᠬᠦ ᠤᠷᠤᠨ ᠤ ᠨᠢᠭᠡᠲᠦᠮᠡᠯ ᠹᠷᠦᠨᠲ ᠤᠨ ᠦᠢᠯᠡᠰ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠴᠤ᠂ ᠡᠬᠡ ᠤᠯᠤᠰ ᠤᠨ ᠤᠮᠠᠷᠠᠲᠦ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠪᠡᠯᠭᠡᠯᠡᠬᠦ ᠶᠡᠭᠡ ᠬᠤᠷᠠᠯ ᠳᠡᠭᠡᠷ᠎ᠡ᠂ 4 ᠨᠠᠮ ᠤᠨ ᠭᠠᠳᠠᠨᠠᠬᠢ ᠲᠦᠯᠦᠭᠡᠯᠡᠭᠴᠢ ᠬᠦᠮᠤᠰ ᠠᠴᠠ ᠰᠠᠨᠠᠯ ᠪᠤᠳᠤᠯ ᠎ ᠢᠶᠠᠨ ᠶᠠᠷᠢᠪᠠ᠃ ᠦᠪᠡᠷᠲᠡᠭᠡᠨ ᠵᠠᠰᠠᠬᠤ ᠤᠷᠤᠨ ᠤ ᠨᠢᠭᠡᠲᠦᠮᠡᠯ ᠹᠷᠦᠨᠲ ᠤᠨ ᠡᠯ᠎ᠡ ᠡᠲᠡᠭᠡᠳ ᠤᠨ 300 ᠭᠠᠷᠤᠢ ᠬᠦᠮᠦᠰ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号