ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 12 ᠠᠶᠢᠮᠠᠭ ᠬᠤᠲᠠ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2017/7/7
     ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ 12 ᠠᠶᠢᠮᠠᠭ ᠬᠤᠳᠠ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠬᠢᠵᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠢᠩᠬᠢᠮ ᠤᠨ ᠲᠡᠷᠢᠭᠦᠨ ᠲᠠᠰ ᠤᠨ ᠤᠳᠤᠷᠢᠳᠤᠯᠭ᠎ᠠ ᠲᠣᠯᠣᠭᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠣᠷᠣᠯᠴᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭ᠋ᠯᠲᠠ ᠶᠢᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠪᠠᠷ᠂ ᠰᠢᠮᠳᠠᠭᠤᠯᠤᠨ ᠪᠠᠶᠢᠴᠠᠭᠠᠯᠲᠠ ᠨᠢ ᠭᠤᠣᠯᠳᠠᠭᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠬᠦ᠂ ᠣᠨᠴᠠ ᠵᠠᠷᠢᠮ ᠲᠠᠢ ᠶᠠᠷᠢᠯᠴᠠᠬᠤ᠂ ᠮᠠᠲ᠋ᠧᠷᠢᠶᠠᠯ ᠦᠵᠡᠬᠦ᠂ ᠳᠣᠷᠣᠭᠰᠢ ᠪᠠᠭᠤᠵᠤ ᠰᠢᠮᠳᠠᠭᠤᠯᠤᠨ ᠪᠠᠶᠢᠴᠠᠭᠠᠬᠤ᠂ ᠳ᠋ᠢᠶᠠᠩᠬᠤᠸᠠ ᠪᠠᠷ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ᠂ ᠰᠢᠮᠳᠠᠭᠤᠯᠤᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠬᠤ ᠵᠡᠷᠭᠡ ᠳᠠᠷᠠᠭᠠᠯᠠᠯ ᠢᠶᠠᠷ ᠶᠠᠪᠤᠭᠳᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠮᠳᠠᠭᠤᠯᠤᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠵᠡᠷᠭᠡ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠱᠠᠳᠤ ᠬᠤᠪᠢᠶᠠᠨ ᠲᠦᠷᠤᠯ ᠬᠤᠪᠢᠶᠠᠨ ᠬᠠᠮᠢᠶᠠᠷᠤᠯᠲᠠ ᠶᠢᠨ ᠳᠠᠩᠰᠠ ᠪᠠᠶᠢᠭᠤᠯᠬᠤ ᠬᠡᠷᠡᠭᠲᠡᠢ︔ ᠲᠡᠷᠡ ᠳᠣᠣᠷ᠎ᠠ ᠨᠢ ᠴᠡᠭᠴᠡᠯᠡᠨ ᠰᠠᠶᠢᠵᠢᠷᠠᠭᠤᠯᠵᠤ ᠴᠢᠳᠠᠬᠤ ᠶᠢ ᠳᠠᠷᠤᠢ ᠳᠤᠨᠢ ᠰᠠᠶᠢᠵᠢᠷᠠᠭᠤᠯᠵᠤ᠂ ᠲᠡᠷᠡ ᠳᠣᠣᠷ᠎ᠠ ᠨᠢ ᠴᠡᠭᠴᠡᠯᠡᠨ ᠰᠠᠶᠢᠵᠢᠷᠠᠭᠤᠯᠵᠤ ᠴᠢᠳᠠᠬᠤ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠨᠢ ᠬᠠᠰᠤᠬᠤ ᠬᠡᠷᠡᠭᠲᠡᠢ︔  ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠰᠣᠨᠢᠨ ᠮᠡᠳᠡᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠡᠰᠡᠷᠭᠦ ᠲᠠᠯ᠎ᠠ ᠶᠢᠨ ᠬᠡᠷᠡᠭ ᠢ ᠢᠯᠡᠴᠢᠯᠡᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号