ᠬᠥᠬᠡᠬᠤᠲᠠ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠭᠤᠷᠪᠠᠳᠤᠭᠠᠷ ᠪᠦᠯᠦᠭ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017/7/7
     7 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠭᠤᠷᠪᠠᠳᠤᠭᠠᠷ ᠪᠦᠯᠦᠭ ᠵᠢᠱᠢᠶ᠎ᠡ ᠦᠵᠡᠭᠦᠯᠬᠦ ᠲᠣᠭᠤᠷᠢᠭ ︵ᠲᠥᠷᠥᠯ ᠵᠦᠢᠯ︶᠎ ᠢ ᠡᠭᠦᠳᠦᠨ ᠪᠠᠶᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠥᠬᠡᠬᠤᠲᠠ ᠳᠤ ᠬᠢᠪᠡ᠃      ᠬᠥᠬᠡᠬᠤᠲᠠ 2015 ᠣᠨ ᠳᠤ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠵᠣᠯ ᠵᠢᠷᠭᠠᠯᠲᠤ ᠬᠥᠬᠡᠬᠤᠲᠠ ᠶᠢ ᠪᠠᠶᠢᠭᠤᠯᠬᠤ︾ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠤᠨᠤᠯᠵᠢᠬᠤᠨ ᠢ ᠳᠤᠷᠠᠳᠴᠤ᠂ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠠᠪᠤᠳᠠᠯ ᠢ ᠰᠣᠶᠣᠯ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠵᠠ ᠲᠣᠬᠢᠶᠠᠯ ᠪᠣᠯᠭᠠᠵᠤ᠂ ᠰᠣᠶᠣᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠮᠢᠴᠡ ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠰᠣᠶᠣᠯ ᠤᠨ ᠴᠢᠳᠠᠪᠤᠷᠢᠲᠠᠨ ᠤ ᠡ᠊ᠩᠨᠡᠭᠡ ᠶᠢ ᠪᠤᠵᠠᠭᠠᠶᠢᠷᠠᠭᠤᠯᠵᠤ᠂ ᠦᠨᠳᠦᠰᠦᠲᠡᠨ ᠤ ᠰᠣᠶᠣᠯ ᠤᠨ ᠲᠥᠷᠥᠯ ᠲᠡᠮᠳᠡᠭ ᠢ ᠪᠤᠶᠢᠵᠢᠭᠤᠯᠵᠤ᠂ ︽ᠲᠣᠮᠣ ᠰᠣᠶᠣᠯ︾ ᠎ ᠤᠨ ᠪᠠᠶᠢᠷᠢᠰᠢᠯ ᠢ ᠢᠳᠡᠪᠬᠢᠲᠡᠶ ᠪᠠᠷ ᠡᠭᠦᠳᠪᠡ᠃ 2015 ᠣᠨ ᠳᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠡᠯ᠎ᠡ ᠭᠠᠵᠠᠷ ᠣᠷᠣᠨ᠂ ᠨᠢᠭᠡᠴᠡ ᠪᠠ ᠰᠠᠯᠠᠭ᠎ᠠ ᠮᠥᠴᠢᠷ ᠤᠳ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠰᠢᠭᠤᠯᠤᠯᠲᠠ ᠶᠤᠰᠤᠭᠠᠷ ︽ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠭᠤᠷᠪᠠᠳᠤᠭᠠᠷ ᠪᠦᠯᠦᠭ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠠᠷᠢᠮᠵᠢᠶ᠎ᠠ ︵ᠪᠠᠷᠠᠭᠤᠨ ᠬᠡᠰᠡᠭ︶︾ ᠵᠢᠴᠢ ︽ᠬᠥᠬᠡᠬᠤᠲᠠ ᠶᠢᠨ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠲᠥᠯᠥᠪᠵᠢᠭᠦᠯᠭᠡ︾᠎ ᠶᠢ ᠦᠨᠳᠦᠰᠦᠯᠡᠨ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠡᠭᠦᠳᠦᠨ ᠪᠠᠶᠢᠭᠤᠯᠬᠤ ᠶᠠᠪᠤᠴᠠ ᠳᠤ᠂ ᠬᠥᠬᠡᠬᠤᠲᠠ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠪᠦᠳᠦᠬᠡᠨ ᠪᠠᠶᠢᠭᠤᠯᠬᠤ ᠢᠨᠵᠧᠨᠧᠷᠢᠩ ᠢ ᠥᠨᠳᠥᠷ ᠪᠠᠷᠢᠮᠵᠢᠶ᠎ᠠ ᠲᠠᠢ ᠪᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠴᠢᠨᠠᠷ ᠰᠠᠶᠢᠲᠠᠶ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠡᠶᠢᠭᠡᠮᠴᠢᠯᠡᠨ ᠬᠥᠭᠵᠢᠭᠦᠯᠬᠦ ᠢᠨᠵᠧᠨᠧᠷᠢᠩ ᠢ ᠥᠨᠳᠥᠷ ᠬᠢᠷᠢ ᠲᠦᠪᠰᠢᠨ ᠲᠠᠢ ᠥᠷᠨᠢᠭᠦᠯᠵᠦ᠂ ᠦᠨᠳᠦᠰᠦᠲᠡᠨ ᠤ ᠣᠨᠴᠠᠯᠢᠭ ᠪᠦᠬᠦᠢ ᠤᠯᠠᠨ ᠨᠡᠶᠢᠲᠡ ᠶᠢᠨ ᠰᠣᠶᠣᠯ ᠤᠨ ᠲᠥᠷᠥᠯ ᠲᠡᠮᠳᠡᠭ ᠤᠨ ᠠᠵᠢᠯᠯᠠᠭ᠎ᠠ ᠶᠢᠨ ᠢᠨᠵᠧᠨᠧᠷᠢᠩ ᠢ ᠳᠡᠭᠡᠳᠦ ᠲᠡᠰ ᠳᠠᠪᠬᠤᠷᠭ᠎ᠠ ᠪᠠᠷ ᠡᠭᠦᠳᠦᠨ ᠪᠠᠶᠢᠭᠤᠯᠪᠠ᠃ ᠡᠭᠦᠳᠦᠨ ᠪᠠᠶᠢᠭᠤᠯᠬᠤ ᠭᠢᠯᠠᠰ ᠴᠢᠭ᠋ ᠡᠭᠦᠳᠬᠦ ᠪᠠᠷ ᠳᠠᠮᠵᠢᠭᠤᠯᠤᠭᠠᠳ ᠰᠣᠶᠣᠯ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠢᠯᠡᠳᠲᠡ ᠳᠡᠭᠡᠭᠰᠢᠯᠡᠵᠦ᠂ ᠨᠡᠷᠡᠲᠦ ᠲᠡᠮᠳᠡᠭᠲᠦ ᠰᠣᠶᠣᠯ ᠤᠨ ᠨᠥᠯᠥᠭᠡᠯᠡᠬᠦ ᠬᠦᠴᠦᠨ ᠶᠡᠭᠡ ᠪᠠᠷ ᠪᠠᠳᠠᠷᠠᠵᠤ᠂ ᠰᠣᠶᠣᠯ ᠤᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠪᠦᠬᠦ ᠲᠠᠯ᠎ᠠ ᠪᠠᠷ ᠳᠡᠭᠡᠭᠰᠢᠯᠡᠵᠦ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠦᠲᠦᠮᠵᠢᠲᠡᠶ ᠳᠡᠭᠡᠭᠰᠢᠯᠡᠭᠰᠡᠨ ︽ᠳᠥᠷᠪᠡᠨ ᠳᠡᠭᠡᠭᠰᠢᠯᠡᠯᠲᠡ ︾᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号