2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ 6 ᠳ᠋ᠤᠭᠠᠷ ᠰᠠᠷ᠎ᠠ ᠶᠢᠨ 25 ᠤ ᠡᠳᠦᠷ ᠴᠡᠷᠢᠭ ᠤᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ ᠵᠡᠷᠭᠡ ᠶᠡᠭᠡ ᠳᠡᠭᠡᠳᠦ ᠰᠤᠷᠭᠠᠭᠤᠯᠢ ᠳᠤ ᠡᠷᠡᠮᠡᠯᠵᠡᠯ ᠲᠠᠭᠯᠠᠭᠰᠠᠨ ᠠᠴᠠ ᠡᠬᠢᠯᠡᠵᠦ᠂ | ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B | ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B ᠪᠦᠯᠦᠭ᠂ | ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B ᠪᠦᠯᠦᠭ᠂ | ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠯᠲᠡ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠣᠯᠣᠨ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ 8 ᠪᠦᠯᠦᠭ ᠤᠳᠠᠭ᠎ᠠ ᠶᠢ ᠥᠩᠭᠡᠷᠡᠭᠡᠳ᠂ 7 ᠳ᠋ᠤᠭᠠᠷ ᠰᠠᠷ᠎ᠠ ᠶᠢᠨ 30 ᠤ ᠡᠳᠦᠷ | ᠨᠢᠭᠡᠨᠲᠡ ᠲᠡᠭᠦᠰᠴᠡᠶ᠃ ᠪᠦᠷᠢᠳᠬᠡᠯ ᠢ ᠦᠨᠳᠦᠰᠦᠯᠡᠪᠡᠯ᠂ 2017 ᠣᠨ ᠳᠤ ᠣᠷᠣᠨ ᠤ ᠳᠣᠲᠣᠷ᠎ᠠ ᠭᠠᠳᠠᠨᠠᠬᠢ ᠶᠡᠭᠡ | ᠳᠡᠭᠡᠳᠦ ᠰᠤᠷᠭᠠᠭᠤᠯᠢ ᠨᠡᠶᠢᠲᠡ175258 ᠰᠢᠨ᠎ᠡ ᠰᠤᠷᠤᠭᠴᠢ ᠡᠯᠰᠡᠵᠡᠢ᠂ ᠡᠭᠦᠨ ᠳᠤ ᠵᠢᠩᠬᠢᠨᠢ ᠠᠩᠭᠢ ᠶᠢᠨ | ᠰᠤᠷᠤᠭᠴᠢ 95975 ᠬᠥᠮᠦᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ ᠤᠨ ᠠᠩᠭᠢ︶ ᠤᠨ | ᠰᠤᠷᠤᠭᠴᠢ 79283 ᠬᠥᠮᠦᠨ ᠡᠯᠰᠡᠵᠡᠢ︔ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ 113597 | ᠬᠥᠮᠦᠨ᠂ ᠣᠷᠣᠨ ᠤ ᠭᠠᠳᠠᠨᠠᠬᠢ ᠳᠡᠭᠡᠳᠦ ᠰᠤᠷᠭᠠᠭᠤᠯᠢ 61661 ᠬᠥᠮᠦᠨ ᠡᠯᠰᠡᠵᠡᠢ᠃ ᠳᠡᠭᠡᠳᠦ ᠵᠡᠷᠭᠡ ᠶᠢᠨ | ᠠᠵᠢᠯ ᠮᠡᠷᠭᠡᠵᠢᠯ ︵ᠲᠤᠰᠬᠠᠶ ᠮᠡᠷᠭᠡᠵᠢᠯ ᠤᠨ ᠠᠩᠭᠢ︶ ᠤᠨ ᠲᠥᠯᠥᠪᠯᠡᠭᠡ ᠪᠠᠨ ᠪᠡᠶᠡᠯᠡᠭᠦᠯᠦᠭᠰᠡᠨ ᠦᠭᠡᠢ ᠶᠡᠭᠡ | ᠳᠡᠭᠡᠳᠦ ᠰᠤᠷᠭᠠᠭᠤᠯᠢ 355 ᠪᠤᠢ᠃ | |