ᠰᠦᠨ ᠴᠦᠨ ᠯᠠᠨ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠪᠢᠶᠠᠷᠢ ᠪᠦᠯᠬᠦᠮ ᠢ ᠲᠠᠭᠠᠭᠤᠯᠤᠨ ᠦᠬᠠᠢ ᠳᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2017/8/10
     8 ᠳ᠋ᠤᠭᠠᠷ ᠰᠠᠷ᠎ᠠ ᠶᠢᠨ 9᠎ ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠬᠡᠰᠢᠬᠦᠨ᠂ ᠲᠦᠪ ᠤᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠂ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠲᠡᠳ᠋ ᠲᠠᠷᠤᠭ᠎ᠠ ᠰᠦᠨ ᠴᠦᠨ ᠯᠠᠨ ᠲᠦᠪ ᠤᠨ ᠲᠦᠯᠦᠭᠡᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠪᠢᠶᠠᠷᠢ ᠪᠦᠯᠬᠦᠮ ᠢ ᠲᠠᠭᠠᠭᠤᠯᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠨ ᠵᠤᠵᠠᠭᠠᠨ ᠬᠠᠶᠢᠷ᠎ᠠ ᠰᠡᠳᠬᠢᠯᠬᠡ ᠶᠢ ᠡᠪᠤᠷᠯᠡᠨ ᠦᠬᠠᠢ ᠬᠤᠳᠠ ᠳᠤ ᠬᠦᠷᠴᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠲᠤᠪᠡᠷ ᠪᠡᠯᠬᠡᠯᠡᠪᠡ᠃      9᠎ ᠤ ᠦᠳᠡ ᠶᠢᠨ ᠡᠮᠦᠨ᠎ᠠ ᠦᠬᠠᠢ ᠳᠤ ᠬᠦᠷᠦᠮᠡᠭᠴᠡ᠂ ᠰᠦᠨ ᠴᠦᠨ ᠯᠠᠨ ᠲᠠᠷᠤᠢ ᠳᠤᠨᠢ ᠠᠵᠦ ᠠᠬᠤᠶᠢᠯᠠᠯ᠂ ᠡᠮᠨᠡᠯᠬᠡ ᠶᠢᠨ ᠬᠤᠷᠢᠶ᠎ᠠ ᠪᠠᠷ ᠰᠢᠨᠵᠢᠯᠡᠨ ᠪᠠᠶᠢᠴᠠᠭᠠᠵᠤ ᠪᠤᠯᠭᠤᠭᠠᠨ ᠦᠵᠡᠪᠡ᠃ ᠬᠠᠨ ᠰᠧᠨ ᠠᠷᠢᠬᠢᠨ ᠤ ᠦᠢᠯᠡᠰ ᠤᠨ ᠪᠦᠯᠦᠭᠯᠡᠯ ᠳᠤ᠂ ᠰᠦᠨ ᠴᠦᠨ ᠯᠠᠨ ᠦᠵᠦᠮ ᠤᠨ ᠲᠠᠷᠢᠮᠠᠯ ᠤᠨ ᠬᠦᠷᠢᠶᠡᠯᠡᠩ ᠳᠤ ᠤᠷᠤᠵᠦ᠂ ᠦᠵᠦᠮ ᠤᠨ ᠠᠵᠦ ᠦᠢᠯᠡᠰ ᠢᠶᠠᠷ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢ ᠰᠠᠶᠢᠵᠢᠷᠠᠭᠤᠯᠬᠤ᠂ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠶᠢ ᠳᠠᠶᠢᠴᠢᠯᠠᠭᠰᠠᠨ ᠵᠡᠷᠬᠡ ᠪᠠᠶᠢᠳᠠᠯ ᠢ ᠤᠶᠢᠯᠠᠭᠠᠵᠤ᠂ ᠦᠵᠦᠮ ᠤᠨ ᠳᠠᠷᠢᠶᠠᠨ ᠳᠤ ᠬᠦᠳᠡᠯᠮᠦᠷᠢᠯᠡᠵᠦ ᠪᠠᠶᠢᠭᠰᠠᠨ ᠤᠯᠠᠨ ᠲᠦᠮᠡᠨ ᠲᠠᠢ ᠲᠤᠳᠤᠨᠤ ᠪᠠᠷ ᠶᠠᠷᠢᠯᠴᠠᠨ ᠲᠡᠳᠡᠨᠠᠷ ᠤᠨ ᠠᠵᠢᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠦᠩᠨᠡᠵᠡᠢ᠃ ᠦᠬᠠᠢ ᠬᠤᠳᠠ ᠶᠢᠨ ᠡᠮᠡᠭᠲᠠᠶᠢᠴᠤᠳ ᠬᠡᠤᠬᠡᠳ ᠤᠨ ᠡᠮ ᠡᠮᠨᠡᠯᠭᠡ᠂ ᠰᠡᠷᠭᠡᠶᠢᠯᠡᠯᠲᠡ᠂ ᠡᠷᠡᠭᠦᠯ ᠬᠠᠮᠠᠭᠠᠯᠠᠯᠲᠠ ᠶᠢᠨ ᠲᠦᠪ ᠲᠤ᠂ ︵ᠰᠦᠨ ᠴᠦᠨ ᠯᠠᠨ ᠰᠢᠮ᠎ᠠ ᠲᠡᠵᠢᠬᠡᠯ ᠤᠨ ᠡᠬᠦᠳᠡᠨ ᠡᠮᠨᠡᠯᠬᠡ᠂ ᠬᠦᠳᠡᠯᠭᠡᠭᠡᠨ ᠤ ᠡᠬᠦᠳᠡᠨ ᠡᠮᠨᠡᠯᠬᠡ ᠪᠠ ᠨᠢᠷᠠᠢ ᠭᠡᠤᠭᠡᠳ ᠤᠨ ᠤᠮᠪᠠᠯᠳᠠ ᠶᠢᠨ ᠡᠮᠴᠢᠯᠡᠬᠡᠨ ᠤ ᠲᠠᠰᠤᠬ ᠢᠶᠠᠷ ᠬᠦᠷᠴᠤ᠂ ᠲᠣᠰ ᠲᠦᠪ ᠢ ᠰᠢᠨᠵᠢᠯᠡᠬᠦ ᠤᠬᠠᠭᠠᠨ ᠤ ᠰᠤᠳᠤᠯᠭᠠᠨ ᠡᠮᠴᠢᠯᠡᠭᠡ ᠡᠮᠨᠡᠨ ᠵᠠᠰᠠᠬᠤ ᠲᠦᠪᠰᠢᠨ ᠢᠶᠠᠨ ᠲᠡᠭᠡᠭᠰᠢᠯᠡᠬᠦᠯᠦᠨ᠂ ᠨᠡᠩ ᠤᠯᠠᠨ ᠬᠡᠷ ᠪᠦᠯᠢ ᠳᠤ ᠡᠷᠡᠬᠦᠯ ᠴᠢᠬᠢᠷᠠᠭ ᠪᠠ ᠵᠤᠯ ᠵᠢᠷᠭᠠᠯ ᠢ ᠠᠪᠴᠢᠷᠠᠨ ᠦᠭᠭᠦᠭᠡᠷᠡᠢ ᠭᠡᠵᠦ ᠬᠦᠰᠡᠵᠡᠢ᠃      ᠰᠦᠨ ᠴᠦᠨ ᠯᠠᠨ ᠦᠬᠠᠢ ᠬᠤᠳᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠠᠷᠢᠯᠴᠠᠬᠤ ᠬᠤᠷᠠᠯ ᠳᠤ ᠤᠷᠤᠯᠴᠠᠵᠦ᠂ ᠦᠬᠠᠢ ᠬᠤᠳᠠ ᠶᠢᠨ ᠬᠠᠷᠢᠭᠤᠴᠠᠯᠭᠠᠳᠠᠨ ᠨᠦᠬᠦᠳ ᠪᠤᠯᠤᠨ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠤᠨ ᠭᠡᠯᠡᠬᠦ ᠶᠢ ᠰᠤᠨᠤᠰᠤᠬᠰᠠᠨ ᠤ ᠲᠠᠷᠠᠭ᠎ᠠ᠂ ᠦᠬᠠᠢ ᠶᠢᠨ ᠡᠯ᠎ᠠ ᠲᠠᠯ᠎ᠠ ᠪᠠᠷ᠂ ᠤᠨᠴᠠᠭᠠᠶᠢᠯᠠᠨ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠤᠯᠤᠬᠰᠠᠨ ᠠᠮᠵᠢᠯᠳᠠ ᠪᠦᠲᠦᠮᠵᠢ ᠶᠢ ᠨᠤᠳᠠᠯᠠᠪᠠ᠃ ᠰᠦᠨ ᠴᠦᠨ ᠯᠠᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠬᠡᠷᠡᠭᠵᠢᠬᠦᠯᠦᠭᠰᠡᠨ ᠨᠢ ᠦᠪᠦᠷ ᠮᠤᠩᠭᠤᠯ ᠤᠨ ᠪᠤᠳᠠᠳᠣ ᠪᠠᠶᠢᠳᠠᠯ᠂ ᠮᠠᠨ ᠤ ᠤᠯᠤᠰ ᠤᠨ ᠤᠯᠤᠰ ᠤᠨ ᠪᠠᠶᠢᠳᠠᠯ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠬ ᠲᠤᠰᠠ ᠲᠠᠢ ᠪᠦᠷᠢᠮᠦᠰᠦᠨ ᠨᠡᠶᠢᠴᠡᠵᠤ᠂ ᠠᠭᠤᠤ ᠶᠡᠭᠡ ᠪᠦᠲᠦᠬᠡᠯᠴᠢ ᠴᠢᠨᠠᠷ᠂ ᠯᠤᠳᠤ ᠶᠡᠭᠡ ᠲᠠᠪᠠᠭᠤᠯᠢᠬ ᠴᠢᠨᠠᠷ ᠪᠠ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠨᠳᠦᠰᠦᠳᠡᠨ ᠤ ᠠᠵᠢᠯ ᠢ ᠲᠡᠭᠡᠳᠤ ᠬᠡᠮᠵᠢᠶ᠎ᠠ ᠪᠠᠷ ᠬᠦᠨᠳᠦᠳᠭᠡᠵᠦ᠂ ᠠᠯᠢ ᠣᠯᠠᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠳᠡ ᠰᠢᠨ᠎ᠠ ᠠᠷᠭ᠎ᠠ ᠭᠡᠮᠵᠢᠶ᠎ᠡ ᠲᠤᠷᠠᠳᠴᠤ᠂ ᠰᠢᠨ᠎ᠠ ᠪᠠᠶᠢᠳᠠᠯ ᠲᠤᠤᠷᠠᠬᠢ ᠴᠦᠬᠡᠨ ᠲᠤᠭᠠᠳᠤ ᠦᠨᠳᠦᠰᠦᠳᠡᠨ ᠪᠠ ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠪᠤᠳᠤᠯᠭ᠎ᠠ ᠴᠢᠭᠯᠡᠯᠳᠡ ᠪᠤᠯᠤᠨ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢ ᠲᠤᠲᠤᠷᠬᠠᠶᠢᠯᠠᠪᠠ ᠭᠡᠵᠤ ᠴᠢᠬᠤᠯᠠᠴᠢᠯᠠᠪᠠ᠃ ᠰᠦᠨ ᠴᠦᠨ ᠯᠠᠨ᠂ ᠦᠬᠠᠢ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠲᠦᠷᠦ ᠶᠢ ᠵᠠᠰᠠᠵᠦ ᠵᠠᠰᠠᠬ ᠢ ᠡᠷᠬᠢᠯᠡᠬᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠬᠦᠴᠦᠯᠡᠨ ᠲᠦᠷᠬᠡᠳᠭᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠦ᠂ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠢ ᠬᠦᠴᠦᠯᠡᠨ ᠴᠢᠩᠭᠠᠳᠬᠠᠵᠣ᠂ ᠦᠬᠠᠢ ᠬᠤᠳᠠ ᠪᠠᠨ ᠨᠡᠩ ᠦᠵᠡᠰᠬᠦᠯᠡᠩᠳᠤ  ᠰᠠᠶᠢᠬᠠᠨ ᠪᠤᠯᠭᠠᠨ ᠪᠦᠲᠦᠬᠡᠨ ᠪᠠᠶᠢᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠭᠠᠷᠠᠢ ᠭᠡᠵᠦ ᠬᠦᠰᠡᠪᠠ᠃      ᠲᠤᠰ ᠡᠳᠤᠷ ᠤᠨ ᠦᠳᠡ ᠶᠢᠨ ᠬᠤᠶᠢᠨ᠎ᠠ᠂ ᠰᠦᠨ ᠴᠦᠨ ᠯᠠᠨ ᠬᠠᠳᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠬᠯᠠᠯᠳᠠ ᠶᠢᠨ ᠬᠦᠢᠰᠤ ᠪᠠᠷᠢᠯᠭ᠎ᠠ ᠳᠤ ᠬᠦᠷᠴᠤ᠂ ᠪᠠᠷᠢᠯᠭ᠎ᠠ ᠶᠢᠨ ᠪᠦᠲᠦᠬᠡᠨ ᠪᠠᠶᠢᠭᠤᠯᠤᠯᠲᠠ᠂ ᠰᠦᠩ ᠬᠠᠯᠢᠶ᠎ᠠ ᠶᠢ ᠰᠡᠷᠬᠡᠶᠢᠯᠡᠬᠦ ᠦᠶᠡᠷ ᠢ ᠰᠡᠷᠭᠡᠶᠢᠯᠡᠬᠦ᠂ ᠠᠮᠢ ᠠᠬᠤᠢ ᠶᠢ ᠰᠠᠶᠢᠵᠢᠷᠠᠭᠤᠯᠬᠤ᠂ ᠴᠠᠬᠢᠯᠭᠠᠨ ᠭᠠᠷᠭᠠᠬᠤ᠂ ᠵᠢᠭᠤᠯᠴᠢᠯᠠᠯ ᠵᠡᠷᠬᠡ ᠪᠠᠶᠢᠳᠠᠯ ᠢ ᠰᠢᠨᠵᠢᠯᠡᠨ ᠪᠠᠶᠢᠴᠠᠭᠠᠪᠠ᠃ ᠳ᠋ᠦᠡᠭ ᠶᠤᠸᠠᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠳᠤ᠂ ᠰᠦᠨ ᠴᠦᠨ ᠯᠠᠨ ᠨᠢᠬᠡᠳᠦᠬᠡᠷ ᠹᠷᠤᠨᠲ ᠲᠤ ᠠᠵᠢᠯᠯᠠᠵᠦ ᠪᠠᠶᠢᠭ᠎ᠠ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠳᠠᠳ ᠢ ᠪᠡᠶ᠎ᠠ ᠪᠠᠨ ᠲᠠᠭᠠᠭᠠᠵᠦ ᠰᠢᠨ᠎ᠠ ᠶᠢ ᠡᠬᠦᠳᠬᠦ ᠳᠣᠮᠳᠠ ᠲᠠᠬᠢᠨ ᠰᠠᠶᠢᠨ ᠠᠮᠵᠢᠯᠳᠠ ᠭᠠᠷᠭᠠᠭᠠᠷᠠᠢ ᠭᠡᠵᠤ ᠵᠤᠷᠢᠬᠵᠢᠭᠤᠯᠪᠠ᠃      ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠪᠠᠷ᠎ᠠ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号