ᠳᠤᠮᠳᠠᠳᠤ ᠤᠯᠤᠰ ᠤᠨ ᠡᠪ ᠬᠠᠮᠳᠦ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠬᠤᠷᠢᠶ᠎ᠠ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ | | ᠭᠤᠤᠯ ᠠᠭᠤᠯᠭ᠎ᠠ | ■ 1947 ᠤᠨ ᠤ 5 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠤᠯᠤᠰ ᠤᠨ ᠠᠩᠬᠠᠳᠠᠬᠴᠢ ᠮᠤᠵᠢ ᠶᠢᠨ | ᠲᠡᠰ ᠤᠨ ᠦᠨᠳᠦᠰᠦᠳᠡᠨ ᠤ ᠦᠪᠡᠷᠲᠡᠭᠡᠨ ᠵᠠᠰᠠᠬᠤ ᠭᠠᠵᠠᠷ ᠤᠷᠤᠨ ᠥᠪᠦᠷ ᠮᠤᠩᠭᠤᠯ ᠳᠤ ᠪᠠᠶᠢᠭᠤᠯᠤᠭᠳᠠᠪᠠ᠂ | ᠡᠭᠦᠨᠴᠡ ᠥᠪᠦᠷ ᠮᠤᠩᠭᠤᠯ ᠤᠨ ᠬᠦᠭᠵᠢᠯᠳᠠ ᠶᠢᠨ ᠰᠢᠨ᠎ᠠ ᠡᠷᠡᠨ ᠵᠠᠭᠤᠨ ᠢ ᠨᠡᠭᠡᠭᠡᠵᠦ᠂ ᠦᠨᠳᠦᠰᠦᠳᠡᠨ ᠤ | ᠠᠰᠠᠭᠤᠳᠠᠯ ᠢ ᠰᠢᠢᠳᠪᠤᠷᠢᠯᠡᠬᠦ ᠳᠤᠮᠳᠠᠳᠤ ᠤᠯᠤᠰ ᠤᠨ ᠤᠨᠴᠠᠯᠢᠭ ᠲᠠᠢ ᠵᠦᠪ ᠵᠠᠮ ᠢ ᠨᠡᠭᠡᠭᠡᠵᠡᠢ᠃ | ■ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠤᠯ ᠮᠠᠨ ᠤ ᠨᠠᠮ ᠤᠨ ᠤᠷᠳᠤ ᠬᠤᠭᠤᠴᠠᠭᠠᠨ ᠤ | ᠬᠠᠶᠢᠨ ᠰᠦᠪᠡᠭᠴᠢᠯᠡᠯᠳᠠ ᠪᠠᠷ ᠳᠠᠮᠵᠢᠨ ᠲᠤᠭᠳᠠᠭᠠᠭᠰᠠᠨ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ | ᠰᠤᠩᠭᠤᠯᠳᠠ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠡᠬᠢ ᠡᠭᠦᠰᠦᠯ᠂ ᠦᠨᠳᠦᠰᠦᠳᠡᠨ ᠤ | ᠠᠰᠠᠭᠤᠳᠠᠯ ᠢ ᠰᠢᠢᠳᠪᠤᠷᠢᠯᠡᠬᠦ ᠳᠤᠮᠳᠠᠳᠤ ᠤᠯᠤᠰ ᠤᠨ ᠤᠨᠴᠠᠯᠢᠭ ᠲᠠᠢ ᠵᠦᠪ ᠵᠠᠮ ᠤᠨ ᠴᠢᠬᠤᠯᠠ ᠠᠭᠤᠯᠭ᠎ᠠ ᠪᠠ | ᠲᠦᠷᠢᠮ ᠤᠨ ᠪᠠᠳᠤᠯᠠᠭ᠎ᠠ᠂ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠦᠨ᠃ | ■ ᠭᠠᠭᠴᠠᠬᠦ ᠳᠤᠮᠳᠠᠳᠤ ᠤᠯᠤᠰ ᠤᠨ ᠡᠪ ᠬᠠᠮᠳᠦ ᠨᠠᠮ ᠡᠯ᠎ᠠ ᠦᠨᠳᠦᠰᠦᠳᠡᠨ ᠢ ᠠᠪᠤᠷᠠᠵᠦ᠂ ᠡᠯ᠎ᠠ | ᠦᠨᠳᠦᠰᠦᠳᠡᠨ ᠢ ᠴᠢᠯᠦᠭᠡᠯᠡᠵᠦ᠂ ᠭᠠᠭᠴᠠᠬᠦ ᠨᠡᠶᠢᠭᠡᠮ ᠵᠢᠷᠤᠮ ᠡᠯ᠎ᠠ ᠦᠨᠳᠦᠰᠦᠳᠡᠨ ᠢ ᠴᠡᠴᠡᠭᠯᠡᠬᠦᠯᠵᠦ᠂ ᠡᠯ᠎ᠠ | ᠦᠨᠳᠦᠰᠦᠳᠡᠨ ᠢ ᠬᠦᠭᠵᠢᠬᠦᠯᠵᠦ᠂ ᠭᠠᠭᠴᠠᠬᠦ ᠡᠭᠡ ᠤᠯᠤᠰ ᠤᠨ ᠨᠢᠭᠡᠳᠦᠯ ᠢ ᠬᠠᠮᠠᠭᠠᠯᠠᠪᠠᠯ ᠡᠯ᠎ᠠ ᠦᠨᠳᠦᠰᠦᠳᠡᠨ ᠢ | ᠪᠦᠯᠬᠦᠮᠳᠡᠬᠦᠯᠵᠦ᠂ ᠡᠯ᠎ᠠ ᠦᠨᠳᠦᠰᠦᠳᠡᠨ ᠢ ᠮᠠᠨᠳᠤᠭᠤᠯᠵᠦ ᠴᠢᠳᠠᠨ᠎ᠠ ᠭᠡᠳᠡᠭ ᠢ 70 ᠵᠢᠯ ᠤᠨ ᠲᠤᠷᠰᠢᠬᠢ ᠥᠪᠦᠷ | ᠮᠤᠩᠭᠤᠯ ᠤᠨ ᠦᠢᠯᠡᠳᠦᠯᠭᠡ ᠭᠡᠷᠡᠴᠢᠯᠡᠵᠠᠢ᠃ | ■ ᠭᠠᠭᠴᠠᠬᠦ ᠤᠯᠤᠰ ᠠᠮᠤᠷ ᠲᠦᠪᠰᠢᠨ ᠪᠠ ᠨᠡᠶᠢᠭᠡᠮ ᠲᠤᠭᠳᠠᠭᠤᠨ ᠪᠠᠶᠢᠪᠠᠯ ᠦᠭᠡᠷᠠᠴᠢᠯᠡᠯᠳᠠ ᠬᠦᠭᠵᠢᠯᠳᠠ | ᠳᠠᠰᠤᠷᠠᠯᠳᠠ ᠦᠭᠡᠢ ᠠᠬᠢᠬᠤ ᠶᠢ ᠪᠠᠳᠤᠯᠠᠵᠦ ᠴᠢᠳᠠᠨ᠎ᠠ᠃ ᠤᠷᠳᠤ ᠬᠤᠭᠤᠴᠠᠭᠠᠨ ᠤ ᠲᠤᠷᠰᠢ᠂ ᠪᠢᠳᠠ ᠤᠯᠤᠰ ᠢᠶᠠᠨ | ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠦ᠂ ᠤᠯᠤᠰ ᠤᠨ ᠨᠢᠭᠡᠳᠦᠯ ᠢ ᠬᠠᠮᠠᠭᠠᠯᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠬᠦᠷᠭᠡᠯᠡᠵᠦ᠂ ᠡᠷᠡᠰ ᠢᠶᠠᠷ ᠭᠡᠷ ᠤᠷᠤᠨ ᠢᠶᠠᠨ ᠰᠠᠬᠢᠨ | ᠬᠠᠮᠠᠭᠠᠯᠠᠵᠦ᠂ ᠬᠢᠯᠢ ᠬᠢᠵᠠᠭᠠᠷ ᠢ ᠰᠠᠬᠢᠨ ᠬᠠᠮᠠᠭᠠᠯᠠᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠶᠢᠨ | ᠰᠠᠶᠢᠬᠠᠨ ᠤᠶᠤᠨ ᠰᠠᠨᠠᠭᠠᠨ ᠤ ᠭᠡᠷ ᠤᠷᠤᠨ ᠢ ᠰᠠᠬᠢᠨ ᠬᠠᠮᠠᠭᠠᠯᠠᠵᠦ᠂ ᠡᠭᠡ ᠤᠯᠤᠰ ᠤᠨ ᠤᠮᠠᠷᠠᠳᠦ ᠬᠢᠯᠢ ᠶᠢᠨ ᠡᠶ᠎ᠡ | ᠵᠤᠬᠢᠴᠠᠩᠭᠤᠢ ᠠᠮᠤᠷ ᠲᠤᠬᠳᠠᠭᠤᠨ᠂ ᠦᠨᠢ ᠤᠳᠠᠭᠠᠨ ᠤ ᠠᠮᠤᠷ ᠲᠦᠪᠰᠢᠨ ᠢ ᠪᠡᠶᠡᠯᠡᠬᠦᠯᠵᠡᠢ᠃ | 1947 ᠤᠨ ᠤ 5 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠤᠯᠤᠰ ᠤᠨ ᠠᠩᠬᠠᠳᠠᠬᠴᠢ ᠮᠤᠵᠢ ᠶᠢᠨ | ᠲᠡᠰ ᠤᠨ ᠦᠨᠳᠦᠰᠦᠳᠡᠨ ᠤ ᠦᠪᠡᠷᠲᠡᠭᠡᠨ ᠵᠠᠰᠠᠬᠤ ᠭᠠᠵᠠᠷ ᠤᠷᠤᠨ ᠥᠪᠦᠷ ᠮᠤᠩᠭᠤᠯ ᠳᠤ ᠪᠠᠶᠢᠭᠤᠯᠤᠭᠳᠠᠵᠦ᠂ | ᠥᠪᠦᠷ ᠮᠤᠩᠭᠤᠯ ᠤᠨ ᠬᠦᠭᠵᠢᠯᠳᠠ ᠶᠢᠨ ᠰᠢᠨ᠎ᠠ ᠡᠷᠡᠨ ᠵᠠᠭᠤᠨ ᠢ ᠨᠡᠭᠡᠭᠡᠵᠦ᠂ ᠦᠨᠳᠦᠰᠦᠳᠡᠨ ᠤ ᠠᠰᠠᠭᠤᠳᠠᠯ ᠢ | ᠰᠢᠢᠳᠪᠤᠷᠢᠯᠡᠬᠦ ᠳᠤᠮᠳᠠᠳᠤ ᠤᠯᠤᠰ ᠤᠨ ᠤᠨᠴᠠᠯᠢᠭ ᠲᠠᠢ ᠵᠦᠪ ᠵᠠᠮ ᠢ ᠨᠡᠭᠡᠭᠡᠵᠡᠢ᠃ 70 ᠵᠢᠯ ᠤᠨ ᠲᠤᠷᠰᠢ᠂ | ᠳᠤᠮᠳᠠᠳᠤ ᠤᠯᠤᠰ ᠤᠨ ᠡᠪ ᠬᠠᠮᠳᠦ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ | ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠥᠪᠦᠷ ᠮᠤᠩᠭᠤᠯ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠠᠭᠤᠤ ᠶᠡᠭᠡ | ᠵᠠᠮ ᠢᠶᠠᠷ ᠵᠠᠮᠨᠠᠵᠦ᠂ ᠰᠦᠷ ᠳᠠᠯᠠᠶᠢᠴᠠ ᠲᠠᠢ ᠬᠦᠭᠵᠢᠯᠳᠠ ᠶᠢᠨ ᠶᠠᠪᠤᠴᠠ ᠶᠢ ᠦᠩᠭᠡᠷᠡᠬᠦᠯᠵᠦ᠂ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠡᠢ᠃ | ᠨᠢᠭᠡ᠂ 70 ᠵᠢᠯ ᠤᠨ ᠲᠤᠷᠰᠢ᠂ ᠪᠢᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠡᠭᠡ ᠤᠯᠤᠰ ᠤᠨ | ᠨᠢᠭᠡᠳᠦᠯ ᠢ ᠡᠷᠡᠰ ᠢᠶᠠᠷ ᠬᠠᠮᠠᠭᠠᠯᠠᠵᠦ᠂ ᠢᠮᠠᠭᠳᠠ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ | ᠤᠷᠤᠬᠰᠢᠯᠠᠪᠠ | ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠤᠯ ᠮᠠᠨ ᠤ ᠨᠠᠮ ᠤᠨ ᠤᠷᠳᠤ ᠬᠤᠭᠤᠴᠠᠭᠠᠨ ᠤ ᠬᠠᠶᠢᠨ | ᠰᠦᠪᠡᠭᠴᠢᠯᠡᠯᠳᠠ ᠪᠠᠷ ᠳᠠᠮᠵᠢᠨ ᠲᠤᠭᠳᠠᠭᠠᠭᠰᠠᠨ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ | ᠰᠤᠩᠭᠤᠯᠳᠠ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠡᠬᠢ ᠡᠭᠦᠰᠦᠯ᠂ ᠦᠨᠳᠦᠰᠦᠳᠡᠨ ᠤ | ᠠᠰᠠᠭᠤᠳᠠᠯ ᠢ ᠰᠢᠢᠳᠪᠤᠷᠢᠯᠡᠬᠦ ᠳᠤᠮᠳᠠᠳᠤ ᠤᠯᠤᠰ ᠤᠨ ᠤᠨᠴᠠᠯᠢᠭ ᠲᠠᠢ ᠵᠦᠪ ᠵᠠᠮ ᠤᠨ ᠴᠢᠬᠤᠯᠠ ᠠᠭᠤᠯᠭ᠎ᠠ ᠪᠠ | ᠲᠦᠷᠢᠮ ᠤᠨ ᠪᠠᠳᠤᠯᠠᠭ᠎ᠠ᠂ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠦᠨ᠃ | ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠶᠢ ᠭᠡᠷᠡᠭᠵᠢᠬᠦᠯᠬᠦ ᠨᠢ ᠮᠠᠨ ᠤ ᠤᠯᠤᠰ ᠤᠨ ᠤᠯᠠᠨ ᠵᠢᠯ ᠤᠨ | ᠲᠤᠷᠰᠢ ᠦᠨᠳᠦᠰᠦᠳᠡᠨ ᠤ ᠠᠰᠠᠭᠤᠳᠠᠯ ᠪᠠ ᠬᠢᠯᠢ ᠬᠢᠵᠠᠭᠠᠷ ᠤᠨ ᠠᠰᠠᠭᠤᠳᠠᠯ ᠢ ᠰᠢᠢᠳᠪᠤᠷᠢᠯᠡᠬᠦ ᠤᠯᠤᠰ ᠲᠦᠷᠦ ᠶᠢᠨ | ᠤᠯᠠᠮᠵᠢᠯᠠᠯ ᠪᠠ ᠲᠡᠦᠭᠡ ᠶᠢᠨ ᠲᠤᠷᠰᠢᠯᠭ᠎ᠠ ᠠᠭᠤᠯᠤᠭᠳᠠᠵᠦ᠂ ᠠᠬᠠᠮᠠᠳ ᠨᠢᠭᠡ ᠦᠶ᠎ᠠ ᠶᠢᠨ ᠦᠭᠡᠶᠢᠬᠦᠦ ᠠᠩᠬᠢ ᠶᠢᠨ | ᠬᠤᠪᠢᠰᠬᠠᠯᠴᠢᠳ ᠤᠨ ᠤᠯᠤᠰ ᠲᠦᠷᠦ ᠶᠢᠨ ᠤᠶᠤᠨ ᠤᠬᠠᠭᠠᠨ ᠪᠠ ᠬᠤᠯᠠ ᠶᠢᠨ ᠬᠠᠷᠠᠴᠠ ᠬᠤᠷᠴᠠ ᠲᠠᠨᠢᠯᠳᠠ ᠶᠢ | ᠨᠢᠭᠳᠠᠷᠠᠭᠤᠯᠵᠦ᠂ ᠴᠦᠭᠡᠨ ᠲᠤᠭᠠᠳᠦ ᠦᠨᠳᠦᠰᠦᠳᠡᠨ ᠪᠠ ᠦᠨᠳᠦᠰᠦᠳᠡᠨ ᠤ ᠭᠠᠵᠠᠷ ᠤᠷᠤᠨ ᠤ ᠦᠨᠳᠦᠰᠦᠳᠡᠨ | ᠨᠦᠭᠦᠳ ᠤᠨ ᠠᠷᠠᠳ ᠲᠦᠮᠡᠨ ᠤ ᠨᠠᠮ ᠢᠶᠠᠨ ᠦᠨᠡᠨᠴᠢ ᠰᠡᠳᠭᠢᠯ ᠢᠶᠠᠷ ᠬᠦᠷᠢᠶᠡᠯᠡᠬᠦ ᠪᠠ ᠳᠤᠮᠳᠠᠳᠤ ᠶᠢᠨ | ᠦᠨᠳᠦᠰᠦᠳᠡᠨ ᠳᠤ ᠬᠠᠷᠢᠶᠠᠯᠠᠬᠳᠠᠬᠤ ᠬᠠᠶᠢᠷ᠎ᠠ ᠰᠡᠳᠬᠢᠯᠭᠡ ᠶᠢ ᠢᠯᠡᠷᠡᠬᠦᠯᠦᠭᠰᠡᠨ ᠶᠤᠮ᠃ | ᠥᠪᠦᠷ ᠮᠤᠩᠭᠤᠯ ᠤᠨ ᠶᠠᠪᠤᠵᠤ ᠦᠡᠭᠭᠡᠷᠡᠭᠦᠯᠦᠭᠰᠡᠨ ᠬᠤᠪᠢᠰᠬᠠᠯ᠂ ᠪᠦᠳᠦᠭᠡᠨ ᠪᠠᠶᠢᠭᠤᠯᠤᠯᠳᠠ ᠪᠠ | ᠦᠭᠡᠷᠡᠴᠢᠯᠡᠯᠳᠠ ᠶᠢᠨ ᠶᠠᠪᠤᠴᠠ ᠨᠢ᠂ ᠢᠮᠠᠭᠳᠠ ᠮᠠᠨ ᠤ ᠨᠠᠮ ᠤᠨ ᠤᠳᠤᠷᠢᠳᠤᠯᠭ᠎ᠠ ᠲᠤᠤᠷ᠎ᠠ ᠶᠠᠪᠤᠬᠳᠠᠬᠰᠠᠨ ᠶᠤᠮ᠃ | ᠠᠯᠢ ᠡᠷᠳᠡ ᠶᠡᠭᠡ ᠬᠤᠪᠢᠰᠬᠠᠯ ᠤᠨ ᠴᠠᠭ ᠦᠶ᠎ᠠ ᠳᠤ᠂ ᠮᠠᠨ ᠤ ᠨᠠᠮ ᠥᠪᠦᠷ ᠮᠤᠩᠭᠤᠯ ᠤᠷᠤᠨ ᠳᠤ ᠨᠠᠮ ᠤᠨ | ᠵᠤᠬᠢᠶᠠᠨ ᠪᠠᠶᠢᠭᠤᠯᠤᠯᠳᠠ ᠶᠢ ᠪᠠᠶᠢᠭᠤᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠳᠤᠷᠢᠳᠤᠨ | ᠬᠤᠪᠢᠰᠬᠠᠯᠳᠦ ᠠᠵᠢᠯᠯᠠᠭ᠎ᠠ ᠦᠷᠨᠢᠬᠦᠯᠪᠡ᠃ ᠶᠠᠫᠤᠨ ᠢ ᠡᠰᠡᠷᠬᠦᠴᠡᠬᠦ ᠲᠠᠶᠢᠨ ᠤ ᠦᠶ᠎ᠠ ᠳᠤ᠂ ᠨᠢᠭᠡ ᠪᠦᠯᠦᠭ ᠮᠤᠩᠭᠤᠯ | ᠦᠨᠳᠦᠰᠦᠳᠡᠨ ᠤ ᠵᠠᠯᠠᠭᠤᠴᠤᠳ ᠶᠠᠨ ᠠᠨ ᠳᠤ ᠬᠦᠷᠪᠡ᠃ ᠶᠠᠫᠤᠨ ᠢ ᠡᠰᠡᠷᠬᠦᠴᠡᠬᠦ ᠲᠠᠶᠢᠨ ᠲᠠᠭᠤᠰᠤᠭᠰᠠᠨ ᠤ | ᠲᠠᠷᠠᠭ᠎ᠠ᠂ ᠦᠪᠤᠷ ᠮᠤᠩᠭᠤᠯ ᠤᠨ ᠦᠨᠳᠤᠰᠤᠳᠠᠨ ᠤ ᠴᠢᠯᠤᠬᠡᠯᠡᠯᠳᠠ ᠶᠢᠨ ᠬᠦᠳᠡᠯᠬᠡᠬᠡᠨ ᠳᠤ ᠶᠠᠮᠠᠷ ᠲᠤᠬ ᠢ ᠡᠷᠬᠦᠬᠦ᠂ | ᠶᠠᠮᠠᠷ ᠵᠠᠮ ᠢᠶᠠᠷ ᠶᠠᠪᠤᠬᠤ ᠴᠢᠬᠤᠯᠠ ᠰᠤᠩᠭᠤᠯᠳᠠ ᠲᠤᠯᠭᠠᠷᠠᠬᠰᠠᠨ ᠳᠤ᠂ ᠤᠯᠠᠭᠠᠨᠬᠦᠤ ᠵᠡᠷᠭᠡ ᠨᠦᠬᠦᠳ ᠨᠠᠮ ᠤᠨ | ᠲᠦᠪ ᠬᠤᠷᠢᠶᠠᠨ ᠤ ᠵᠢᠭᠠᠪᠤᠷᠢ ᠪᠠᠷ ᠶᠠᠨ ᠠᠨ ᠠᠴᠠ ᠦᠪᠤᠷ ᠮᠤᠩᠭᠤᠯ ᠳᠠᠭᠠᠨ ᠪᠤᠴᠠᠠ ᠢᠷᠡᠵᠤ᠂ ᠳᠤᠮᠳᠠᠳᠤ | ᠤᠯᠤᠰ ᠤᠨ ᠡᠪ ᠬᠠᠮᠳᠤ ᠨᠠᠮ ᠦᠪᠤᠷ ᠮᠤᠩᠭᠤᠯ ᠤᠨ ᠬᠦᠳᠡᠯᠬᠡᠬᠡᠨ ᠢ ᠤᠳᠤᠷᠢᠳᠬᠤ ᠠᠭᠤᠤ ᠶᠡᠭᠡ ᠲᠤᠬ ᠢ | ᠮᠠᠨᠳᠤᠭᠤᠯᠵᠤ᠂ ᠨᠠᠮ ᠤᠨ ᠤᠳᠤᠷᠢᠳᠤᠯᠭ᠎ᠠ ᠲᠤᠤᠷ᠎ᠠ ᠦᠪᠤᠷ ᠮᠤᠩᠭᠤᠯ ᠤᠨ ᠠᠷᠠᠳ ᠲᠦᠮᠡᠨ ᠢᠶᠠᠨ ᠲᠠᠭᠠᠭᠤᠯᠤᠨ | ᠳᠤᠮᠳᠠᠳᠤ ᠶᠢᠨ ᠦᠨᠳᠤᠰᠤᠳᠠᠨ ᠤ ᠶᠡᠭᠡ ᠬᠡᠷ ᠪᠦᠯᠢ ᠳᠤ ᠦᠨᠳᠤᠰᠤᠳᠠᠨ ᠤ ᠦᠪᠡᠷᠳᠡᠬᠡᠨ ᠵᠠᠰᠠᠬᠤ ᠪᠠᠶᠢᠭᠤᠯᠤᠯ ᠢ | ᠭᠡᠷᠡᠭᠵᠢᠬᠦᠯᠬᠦ ᠵᠦᠪ ᠰᠤᠩᠭᠤᠯᠳᠠ ᠶᠢ ᠭᠤᠶᠢᠪᠢᠰᠢ ᠦᠬᠡᠢ ᠰᠤᠩᠭᠤᠵᠤ᠂ ᠪᠦᠬᠦ ᠤᠷᠤᠨ ᠤ | ᠦᠨᠳᠤᠰᠤᠳᠠᠨ ᠨᠦᠭᠦᠳ ᠤᠨ ᠠᠷᠠᠳ ᠲᠦᠮᠡᠨ ᠨᠠᠮ ᠢᠶᠠᠨ ᠲᠠᠭᠠᠵᠤ᠂ ᠨᠢᠬᠡᠳᠤᠯ ᠢ ᠬᠠᠮᠠᠭᠠᠯᠠᠵᠤ᠂ ᠪᠦᠯᠬᠦᠮᠳᠡᠯ ᠢ | ᠠᠬᠢᠭᠤᠯᠵᠤ᠂ ᠲᠠᠪᠰᠢᠯᠳᠠ ᠶᠢ ᠡᠷᠢᠯᠬᠢᠯᠠᠵᠤ᠂ ᠢᠯᠠᠯᠳᠠ ᠠᠴᠠ ᠢᠯᠠᠯᠳᠠ ᠲᠡᠰᠢ ᠦᠷᠬᠦᠯᠵᠢᠯᠠᠨ ᠤᠷᠤᠬᠰᠢᠯᠠᠪᠠ᠃ | ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ ᠤ ᠲᠠᠷᠠᠭ᠎ᠠ᠂ ᠮᠠᠯᠵᠢᠬᠤ ᠤᠷᠤᠨ ᠤ ᠤᠨᠴᠠᠯᠢᠬ ᠲᠤ ᠴᠢᠭᠯᠡᠬᠦᠯᠤᠨ | ᠲᠡᠮᠡᠴᠡᠬᠦ ᠦᠬᠡᠢ᠂ ᠬᠤᠪᠢᠶᠠᠬᠤ ᠦᠬᠡᠢ᠂ ᠠᠩᠬᠢ ᠢᠯᠭᠠᠬᠤ ᠦᠬᠡᠢ᠂ ᠮᠠᠯᠴᠢᠨ ᠮᠠᠯ ᠤᠨ ᠡᠵᠡᠨ ᠬᠤᠶᠠᠷ ᠲᠤ | ᠠᠰᠢᠬᠳᠠᠢ ᠪᠠᠶᠢᠬᠤ ᠵᠡᠷᠬᠡ ᠲᠦᠷᠤ ᠶᠢᠨ ᠪᠤᠳᠤᠯᠭ᠎ᠠ ᠶᠢ ᠲᠤᠭᠳᠠᠭᠠᠵᠤ᠂ ᠮᠠᠯᠵᠢᠬᠤ ᠤᠷᠤᠨ ᠤ ᠠᠷᠠᠳᠴᠢᠯᠠᠬᠰᠠᠨ | ᠦᠬᠡᠷᠡᠴᠢᠯᠠᠯᠳᠠ ᠪᠤᠯᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠬᠡᠷᠡᠴᠢᠯᠠᠯᠳᠠ ᠶᠢ ᠯᠠᠪᠳᠠᠭᠤᠨ ᠲᠤᠬᠳᠠᠭᠤᠨ | ᠡᠮᠬᠢ ᠲᠢᠭᠯᠢᠮ ᠲᠠᠢ ᠪᠠᠷ ᠦᠷᠨᠢᠬᠦᠯᠵᠤ᠂ ᠹᠸᠤᠳᠠᠯ ᠤᠨ ᠮᠦᠯᠵᠢᠯ ᠤᠨ ᠲᠦᠷᠢᠮ ᠢ ᠤᠰᠠᠳᠬᠠᠵᠤ᠂ ᠮᠠᠯᠴᠢᠨ | ᠲᠠᠷᠢᠶᠠᠴᠢᠨ ᠡᠷᠬᠡ ᠴᠢᠯᠤᠬᠡ ᠪᠠᠨ ᠤᠯᠵᠤ ᠡᠵᠡᠨ ᠰᠠᠭᠤᠪᠠ᠃ ᠨᠡᠶᠢᠬᠡᠮ ᠵᠢᠷᠤᠮ ᠤᠨ ᠦᠬᠡᠷᠡᠴᠢᠯᠠᠯᠳᠠ ᠶᠢᠨ | ᠬᠤᠭᠤᠴᠠᠭᠠᠨ ᠳᠤ᠂ ᠦᠪᠤᠷ ᠮᠤᠩᠭᠤᠯ ᠤᠨ ᠬᠢᠨ ᠲᠤᠰ ᠤᠷᠤᠨ ᠤ ᠪᠠᠨ ᠦᠨᠳᠤᠰᠤᠳᠠᠨ ᠤ ᠤᠨᠴᠠᠯᠢᠬ ᠲᠤ | ᠰᠠᠭᠤᠷᠢᠯᠠᠵᠤ᠂ ᠮᠠᠯ ᠠᠵᠤ ᠠᠬᠤᠢ ᠶᠢᠨ ᠬᠤᠷᠰᠢᠶᠠᠵᠢᠯ ᠳᠤ ︽ᠲᠦᠷᠤ ᠶᠢᠨ ᠪᠤᠳᠤᠯᠭ᠎ᠠ ᠲᠤᠭᠳᠠᠭᠤᠨ᠂ ᠠᠷᠭ᠎ᠠ | ᠬᠡᠮᠵᠢᠶ᠎ᠡ ᠠᠭᠤᠵᠢᠮ᠂ ᠴᠠᠬ ᠬᠤᠭᠤᠴᠠᠭ᠎ᠠ ᠤᠷᠳᠤ︾ ᠪᠠᠶᠢᠬᠤ ᠴᠢᠭᠯᠡᠯᠳᠠ ᠶᠢ ᠬᠡᠷᠡᠭᠵᠢᠭᠦᠯᠵᠤ᠂ ᠪᠦᠬᠦ ᠤᠷᠤᠨ ᠤ | ᠡᠯ᠎ᠠ ᠵᠦᠢᠯ ᠤᠨ ᠪᠦᠳᠤᠬᠡᠨ ᠪᠠᠶᠢᠭᠤᠯᠤᠯᠳᠠ ᠶᠢᠨ ᠤᠢᠢᠯᠡᠰ ᠬᠦᠮᠤᠰ ᠤᠨ ᠠᠩᠬᠠᠷᠤᠯ ᠢ ᠲᠡᠳᠠᠮᠠ ᠠᠮᠵᠢᠯᠳᠠ | ᠪᠦᠳᠤᠮᠵᠢ ᠤᠯᠵᠤ᠂ ᠶᠠᠷᠤᠩᠬᠡᠢ ᠰᠠᠶᠢᠳ ᠵᠸᠤ ᠡᠸ᠋ᠨ ᠯᠠᠢ ᠳᠤ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠬᠡᠵᠤ | ᠴᠤᠯᠠᠯᠠᠬᠳᠠᠪᠠ᠃ ᠦᠬᠡᠷᠡᠴᠢᠯᠠᠯᠳᠠ ᠨᠡᠬᠡᠬᠡᠯᠳᠠ ᠬᠢᠭᠰᠡᠨ ᠤ ᠲᠠᠷᠠᠭ᠎ᠠ᠂ ᠨᠠᠮ ᠤᠨ ᠲᠦᠪ ᠬᠤᠷᠢᠶᠠᠨ ᠤ ᠵᠦᠪ | ᠱᠤᠭᠤᠮ ᠤᠨ ᠵᠢᠯᠤᠭᠤᠳᠤᠯᠭ᠎ᠠ ᠲᠤᠤᠷ᠎ᠠ᠂ ᠦᠪᠤᠷ ᠮᠤᠩᠭᠤᠯ ᠤᠨ ᠬᠢᠨ ᠴᠢᠨᠠᠷᠯᠢᠬ ᠪᠦᠭᠡᠳ ᠲᠦᠷᠭᠡᠨ | ᠬᠦᠭᠵᠢᠯᠳᠠ ᠶᠢᠨ ᠵᠠᠮ ᠳᠤ ᠤᠷᠤᠵᠤ᠂ ᠦᠪᠤᠷ ᠮᠤᠩᠭᠤᠯ ᠤᠷᠤᠨ ᠤ ᠲᠦᠷᠰᠦ ᠪᠠᠶᠢᠳᠠᠯ᠂ ᠪᠦᠬᠦ ᠤᠷᠤᠨ ᠤ | ᠦᠨᠳᠤᠰᠤᠳᠠᠨ ᠨᠦᠭᠦᠳ ᠤᠨ ᠠᠷᠠᠳ ᠲᠦᠮᠡᠨ ᠤ ᠠᠮᠢᠳᠤᠷᠠᠯ ᠳᠤ ᠲᠡᠭᠷᠢ ᠭᠠᠵᠠᠷ ᠢ ᠲᠤᠩᠰᠤᠯᠭᠠᠮ᠎ᠠ ᠯᠤᠳᠤ ᠶᠡᠭᠡ | ᠬᠤᠪᠢᠷᠠᠯᠳᠠ ᠭᠠᠷᠴᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠬᠢᠨ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠲᠦᠷᠤ ᠶᠢ ᠵᠠᠰᠠᠵᠤ ᠵᠠᠰᠠᠬ ᠢ ᠡᠷᠬᠢᠯᠡᠬᠦ ᠰᠢᠨ᠎ᠠ ᠤᠢᠢᠯᠠᠭᠠᠭᠳᠠᠬᠤᠨ | ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠰᠤᠷᠤᠯᠴᠠᠠ ᠲᠤᠤᠱᠯᠠᠭᠤᠯᠵᠤ᠂ ᠶᠠᠷᠤᠩᠬᠡᠢ | ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ | ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠤ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ ᠢᠶᠠᠨ ᠲᠠᠰᠤᠷᠠᠯᠳᠠ ᠦᠬᠡᠢ | ᠲᠡᠭᠡᠭᠰᠢᠯᠡᠬᠦᠯᠵᠤ᠂ ︽ᠲᠠᠪᠤ ᠶᠢ ᠨᠢᠬᠡ ᠴᠤᠬᠴᠠᠵᠢᠭᠤᠯᠬᠤ︾ ᠶᠠᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠠᠢ | ᠲᠦᠯᠤᠪᠵᠢᠬᠦᠯᠤᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠤ ᠦᠢᠯᠡ ᠠᠵᠢᠯᠯᠠᠭ᠎ᠠ ᠶᠢᠨ | ᠲᠠᠯ᠎ᠠ ᠪᠠᠷ ᠡᠷᠡᠰ ᠰᠠᠨᠠᠭᠠᠴᠢᠯᠠᠭ᠎ᠠ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠪᠠ᠃ ᠦᠪᠡᠷᠲᠡᠭᠡᠡ ᠵᠠᠰᠬᠠᠤ ᠤᠷᠤᠨ ᠤ ᠠᠷᠪᠠᠲᠤᠭᠠᠷ | ᠤᠲᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠤᠭᠤᠳ ᠪᠤᠯᠤᠨ ᠦᠪᠦᠷ ᠮᠤᠩᠭᠤᠯ ᠳᠤ ᠰᠢᠨᠵᠢᠯᠡᠡ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ︽ᠰᠠᠬᠢᠨ ᠪᠠᠷᠠᠯᠠᠵᠤ ᠬᠠᠷᠢᠯᠴᠠᠠ ᠬᠠᠪᠰᠤᠷᠤᠯᠴᠠᠬᠤ︾ ᠴᠢᠬᠤᠯᠠ | ᠱᠠᠭᠠᠷᠲᠠᠯᠭ᠎ᠠ᠂ ︽ᠲᠦᠷᠪᠡᠡ ᠬᠦᠴᠦᠯᠡᠴᠡ︾ ᠶᠢᠨ ᠭᠤᠤᠯᠲᠠᠯᠭ᠎ᠠ ᠲᠠᠢ ᠡᠬᠦᠷᠭᠡ᠂ ︽ᠡᠭᠡ ᠤᠯᠤᠰ ᠤᠨ | ᠤᠮᠠᠷᠠᠲᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠠ ᠪᠤᠯᠭᠠᠠ ᠪᠦᠲᠦᠭᠡᠡ ᠪᠠᠶᠢᠭᠤᠯᠬᠤ︾ | ᠲᠡᠮᠡᠴᠡᠬᠦ ᠬᠠᠷᠠᠯᠲᠠ ᠪᠠᠷ ᠴᠢᠩᠭ᠎ᠠ ᠭᠤᠤᠯᠲᠠᠭᠤᠯᠵᠦ᠂ ᠬᠤᠶᠢᠰᠢᠲᠠ ᠶᠢᠨ ᠲᠠᠪᠤᠠ ᠵᠢᠯ ᠤᠨ ᠪᠦᠬᠦ ᠤᠷᠤᠨ ᠤ ᠠᠵᠦ | ᠠᠬᠤᠢ ᠨᠡᠶᠢᠭᠡᠮ ᠤᠨ ᠬᠦᠭᠵᠢᠯᠲᠠ ᠳᠤ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠵᠠᠢ᠃ ᠪᠦᠬᠦ ᠤᠷᠤᠨ ᠤ | ᠦᠨᠲᠦᠰᠦᠲᠡᠡ ᠨᠦᠭᠦᠳ ᠤᠨ ᠺᠠᠳ᠋ᠷ ᠤᠯᠠᠠ ᠲᠦᠮᠡᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ | ᠲᠦᠪ ᠬᠤᠷᠢᠶ᠎ᠠ ᠶᠢᠨ ᠲᠤᠭᠤᠷᠢᠨ ᠳᠤ ᠨᠢᠭᠲᠠᠷᠠᠠ ᠪᠦᠯᠬᠦᠮᠲᠠᠵᠦ᠂ ᠲᠡᠰᠪᠦᠷᠢ ᠲᠠᠭᠠᠭᠠᠮᠠᠭᠠᠢ ᠪᠠᠶᠢᠬᠤ᠂ ᠴᠤᠴᠠᠯᠳᠠ | ᠦᠭᠡᠢ ᠤᠷᠤᠬᠰᠢᠯᠠᠬᠤ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠪᠠᠲᠠᠷᠠᠭᠤᠯᠤᠨ᠂ ᠦᠪᠡᠷᠲᠡᠭᠡᠡ ᠵᠠᠰᠬᠠᠤ | ᠤᠷᠤᠨ ᠤ ᠡᠯ᠎ᠠ ᠵᠦᠢᠯ ᠤᠨ ᠠᠵᠢᠯ ᠦᠢᠯᠡᠰ ᠰᠢᠨ᠎ᠠ ᠠᠬᠢᠯᠲᠠ ᠲᠠᠢ ᠪᠤᠯᠵᠦ ᠰᠢᠨ᠎ᠠ ᠠᠮᠵᠢᠯᠲᠠ ᠪᠦᠲᠦᠮᠵᠢ ᠤᠯᠬᠤ ᠶᠢ | ᠠᠬᠢᠭᠤᠯᠵᠦ᠂ ᠡᠭᠡ ᠤᠯᠤᠰ ᠤᠨ ᠤᠮᠠᠷᠠᠲᠦ ᠬᠢᠯᠢ ᠳᠤ ᠠᠵᠦ ᠠᠬᠤᠢ ᠬᠦᠭᠵᠢᠭᠰᠡᠨ᠂ ᠦᠨᠲᠦᠰᠦᠲᠡᠡ ᠨᠦᠭᠦᠳ | ᠪᠦᠯᠬᠦᠮᠳᠡᠭᠰᠡᠨ᠂ ᠰᠤᠶᠤᠯ ᠴᠡᠴᠡᠭᠯᠡᠭᠰᠡᠨ᠂ ᠬᠢᠯᠢ ᠬᠢᠵᠠᠭᠠᠷ ᠠᠮᠤᠷ ᠲᠤᠬᠳᠠᠭᠤᠨ᠂ ᠠᠮᠢ ᠠᠬᠤᠢ ᠪᠤᠯᠪᠠᠰᠤᠨ᠂ | ᠦᠨᠲᠦᠰᠦᠲᠡᠡ ᠨᠦᠭᠦᠳ ᠤᠨ ᠠᠷᠠᠳ ᠲᠦᠮᠡᠡ ᠵᠤᠯ ᠵᠢᠷᠭᠠᠯ ᠲᠠᠢ ᠠᠮᠢᠲᠤᠷᠠᠬᠰᠠᠨ ᠦᠵᠡᠰᠭᠦᠯᠡᠩᠳᠤ ᠰᠠᠶᠢᠬᠠᠠ | ᠦᠵᠡᠮᠵᠢ ᠶᠢᠨ ᠤᠷᠤᠨ ᠢᠯᠡᠷᠡᠵᠠᠢ᠃ | ︽ᠱᠠᠬᠠᠢ ᠵᠠᠪᠠᠯ ᠠᠲᠠᠯᠢ ᠪᠠᠶᠢᠬᠤ ᠭᠡᠰᠡᠡ ᠪᠤᠰᠤ᠂ ᠬᠦᠯ ᠳᠤᠷ ᠲᠠᠭᠠᠷᠠᠪᠠᠯ ᠪᠤᠯᠤᠶᠤ᠂ ᠵᠠᠰᠠᠯᠲᠠ ᠵᠠᠪᠠᠯ | ᠠᠲᠠᠯᠢ ᠪᠠᠶᠢᠬᠤ ᠭᠡᠰᠡᠡ ᠪᠤᠰᠤ᠂ ᠠᠷᠠᠳ ᠲᠤᠷ ᠠᠰᠢᠭ ᠬᠦᠷᠲᠡᠭᠡᠪᠡᠯ ᠪᠤᠯᠤᠶᠤ᠃︾ ᠭᠠᠭᠴᠡᠬᠦ ᠲᠤᠮᠲᠠᠲᠤ | ᠤᠯᠤᠰ ᠤᠨ ᠡᠪ ᠬᠠᠮᠲᠤ ᠨᠠᠮ ᠡᠯ᠎ᠠ ᠦᠨᠲᠦᠰᠦᠲᠡᠡ ᠢ ᠠᠪᠤᠷᠠᠵᠦ᠂ ᠡᠯ᠎ᠠ ᠦᠨᠲᠦᠰᠦᠲᠡᠡ ᠢ ᠴᠢᠯᠦᠭᠡᠯᠡᠵᠦ ᠴᠢᠳᠠᠨ᠎ᠠ᠂ | ᠭᠠᠭᠴᠡᠬᠦ ᠨᠡᠶᠢᠭᠡᠮ ᠵᠢᠷᠤᠮ ᠡᠯ᠎ᠠ ᠦᠨᠲᠦᠰᠦᠲᠡᠡ ᠢ ᠴᠡᠴᠡᠭᠯᠡᠭᠦᠯᠵᠤ᠂ ᠡᠯ᠎ᠠ ᠦᠨᠲᠦᠰᠦᠲᠡᠡ ᠢ ᠬᠦᠭᠵᠢᠭᠦᠯᠵᠦ | ᠴᠢᠲᠠᠨ᠎ᠠ᠂ ᠭᠠᠭᠴᠡᠬᠦ ᠡᠭᠡ ᠤᠯᠤᠰ ᠤᠨ ᠨᠢᠭᠡᠲᠦᠯ ᠢ ᠬᠠᠮᠠᠭᠠᠯᠠᠪᠠᠯ ᠡᠯ᠎ᠠ ᠦᠨᠲᠦᠰᠦᠲᠡᠡ ᠲᠠᠢ ᠪᠦᠯᠬᠦᠮᠲᠠᠵᠦ᠂ ᠡᠯ᠎ᠠ | ᠦᠨᠲᠦᠰᠦᠲᠡᠡ ᠢ ᠰᠡᠷᠭᠦᠭᠡᠡ ᠮᠠᠠᠲᠤᠭᠤᠯᠵᠦ ᠴᠢᠲᠠᠨ᠎ᠠ ᠭᠡᠲᠡᠭ ᠢ 70 ᠵᠢᠯ ᠤᠨ ᠲᠤᠷᠰᠢᠬᠢ ᠦᠪᠦᠷ ᠮᠤᠩᠭᠤᠯ ᠤᠨ | ᠦᠢᠯᠡᠲᠦᠯᠭᠡ ᠭᠡᠷᠡᠴᠢᠯᠡᠵᠠᠢ᠃ ᠪᠢᠲᠠ ᠵᠠᠪᠠᠯ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ | ᠰᠤᠶᠤᠯ ᠤᠨ ᠢᠲᠡᠭᠡᠯ ᠢᠶᠠᠨ ᠤᠯᠠᠮ ᠴᠢᠨᠠᠭᠰᠢᠲᠠ ᠴᠢᠩᠭᠠᠳᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ︽ | ᠨᠠᠮ ᠤᠨ ᠦᠨᠲᠦᠰᠦᠲᠡᠡ ᠤ ᠲᠤᠬᠠᠢ ᠲᠦᠷᠦ ᠶᠢᠨ ᠪᠤᠲᠤᠯᠭ᠎ᠠ ᠶᠢ ᠡᠷᠰ ᠭᠤᠶᠢᠪᠢᠰᠢ ᠦᠭᠡᠢ ᠪᠠᠷᠢᠮᠲᠠᠯᠠᠵᠦ᠂ | ᠦᠨᠲᠦᠰᠦᠲᠡᠡ ᠤ ᠤᠷᠤᠨ ᠤ ᠦᠪᠡᠷᠲᠡᠭᠡᠡ ᠵᠠᠰᠠᠬᠤ ᠪᠠᠶᠢᠭᠤᠯᠤᠯ ᠢ ᠪᠠᠷᠢᠮᠲᠠᠯᠠᠬᠤ ᠬᠡᠷᠡᠭᠳᠠᠢ︾ ᠭᠡᠰᠡᠡ ᠴᠢᠬᠤᠯᠠ | ᠵᠢᠭᠠᠪᠤᠷᠢ ᠶᠢᠨ ᠱᠠᠭᠠᠷᠲᠠᠯᠭ᠎ᠠ ᠶᠢ ᠡᠷᠡᠰ ᠨᠠᠶᠢᠲᠠᠪᠤᠷᠢᠵᠢᠭᠤᠯᠵᠦ᠂ ᠨᠢᠭᠡᠲᠦᠯ ᠲᠠᠢ ᠪᠠᠶᠢᠬᠤ ᠪᠠ ᠦᠪᠡᠷᠲᠡᠭᠡᠡ | ᠵᠠᠰᠬᠠᠤ ᠶᠢ ᠤᠶᠠᠯᠲᠤᠭᠤᠯᠬᠤ᠂ ᠦᠨᠲᠦᠰᠦᠲᠠᠠ ᠤ ᠡᠯᠧᠮᠧᠨ᠋ᠲ ᠪᠤᠯᠤᠨ ᠤᠷᠤᠨ ᠪᠦᠰᠡ ᠶᠢᠨ ᠡᠯᠧᠮᠧᠨ᠋ᠲ ᠢ | ᠤᠶᠠᠯᠲᠤᠭᠤᠯᠬᠤ ᠶᠢ ᠪᠠᠷᠢᠮᠲᠠᠯᠠᠵᠦ᠂ ︽ᠲᠠᠯ᠎ᠠ ᠨᠤᠲᠤᠭ ᠠᠴᠠ ᠨᠡᠶᠢᠰᠯᠡᠯ ᠪᠡᠭᠡᠵᠢᠩ ᠢ ᠪᠠᠷᠠᠯᠠᠵᠦ︾᠂ ᠡᠷᠡᠰ | ᠭᠤᠶᠢᠪᠢᠰᠢ ᠦᠭᠡᠢ ᠪᠠᠷ ᠨᠠᠮ ᠢᠶᠠᠨ ᠲᠠᠭᠠᠨ ᠤᠷᠤᠭᠰᠢᠯᠠᠵᠦ᠂ ᠲᠤᠮᠲᠠᠲᠤ ᠤᠯᠤᠰ ᠤᠨ ᠤᠨᠴᠠᠯᠢᠭ ᠲᠠᠢ | ᠦᠨᠲᠦᠰᠦᠲᠡᠡ ᠤ ᠠᠰᠠᠭᠤᠲᠠᠯ ᠢ ᠰᠢᠢᠳᠪᠦᠷᠢᠯᠡᠬᠦ ᠵᠦᠪ ᠵᠠᠮ ᠢᠶᠠᠷ ᠤᠮᠤᠭ ᠲᠡᠭᠦᠯᠲᠡᠷ ᠤᠷᠤᠭᠰᠢᠯᠠᠨ᠎ᠠ᠃ | ᠬᠤᠶᠠᠷ᠂ 70 ᠵᠢᠯ ᠤᠨ ᠲᠤᠷᠰᠢ᠂ ᠪᠢᠲᠠ ᠬᠦᠭᠵᠢᠯᠲᠠ ᠶᠢ ᠡᠯ᠎ᠠ ᠵᠦᠢᠯ ᠤᠨ ᠠᠰᠠᠭᠤᠲᠠᠯ ᠢ ᠰᠢᠢᠳᠪᠦᠷᠢᠯᠡᠬᠦ | ᠶᠡᠷᠦᠩᠭᠡᠢ ᠲᠦᠯᠬᠢᠭᠦᠷ ᠪᠤᠯᠭᠠᠬᠤ ᠶᠢ ᠪᠠᠷᠢᠮᠲᠠᠯᠠᠵᠦ᠂ ᠦᠨᠲᠦᠰᠦᠲᠡᠡ ᠨᠦᠭᠦᠳ ᠤᠨ ᠠᠷᠠᠳ ᠲᠦᠮᠡᠡ ᠤ ᠵᠢᠷᠭᠠᠯᠲᠦ | ᠠᠮᠢᠲᠤᠷᠠᠯ ᠢ ᠬᠠᠮᠲᠤᠪᠠᠷ ᠴᠤᠭᠴᠠᠯᠠᠪᠠ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠢ ᠠᠬᠢᠭᠤᠯᠬᠤ ᠳᠤ᠂ ᠵᠠᠩᠭᠢᠯᠠᠭ᠎ᠠ ᠨᠢ ᠠᠵᠤ | ᠠᠬᠤᠢ ᠶᠢ ᠬᠦᠭᠵᠢᠭᠦᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠪᠠᠶᠢᠨ᠎ᠠ᠃ ᠳ᠋ᠧᠩ ᠰᠢᠶᠤᠤ ᠫᠢᠩ | ᠨᠦᠬᠦᠷ᠄ ︽ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠬᠦ ᠳᠤ᠂ ᠠᠵᠤ ᠠᠬᠤᠢ ᠶᠢ | ᠰᠠᠶᠢᠲᠤᠷ ᠬᠦᠭᠵᠢᠭᠦᠯᠬᠦ ᠦᠭᠡᠢ ᠪᠤᠯ ᠲᠡᠷᠡᠬᠦ ᠦᠪᠡᠷᠲᠡᠭᠡᠨ ᠵᠠᠰᠠᠬᠤ ᠭᠡᠳᠡᠭ ᠴᠢᠨᠢ ᠬᠡᠢ ᠬᠤᠭᠤᠰᠤᠨ ᠶᠠᠪᠤᠳᠠᠯ | ᠪᠤᠯᠤᠨ᠎ᠠ︾ ᠭᠡᠵᠤ ᠵᠢᠭᠠᠵᠤ ᠭᠠᠷᠭᠠᠵᠠᠢ᠃ ᠭᠠᠭᠴᠠᠬᠦ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠳᠠᠰ ᠤᠨ ᠠᠮᠢᠳᠤᠷᠠᠯ ᠪᠤᠯᠤᠨ ᠰᠤᠶᠤᠯ ᠤᠨ | ᠠᠮᠢᠳᠤᠷᠠᠯ ᠢ ᠰᠠᠶᠢᠵᠢᠷᠠᠭᠤᠯᠪᠠᠯ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠪᠤᠯᠤᠨ ᠨᠠᠮ ᠤᠨ | ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠵᠦᠪ ᠤᠨᠤᠪᠴᠢᠳᠤ ᠴᠢᠨᠠᠷ ᠢ ᠭᠦᠢᠴᠡᠳ | ᠢᠯᠡᠷᠡᠭᠦᠯᠵᠤ ᠴᠢᠳᠠᠨ᠎ᠠ᠃ 70 ᠵᠢᠯ ᠤᠨ ᠲᠤᠷᠰᠢ᠂ ᠦᠪᠦᠷ ᠮᠤᠩᠭᠤᠯ ᠤᠷᠤᠨ ᠳᠤ ᠲᠡᠤᠬᠡᠳᠦ ᠴᠢᠨᠠᠷᠲᠠᠢ | ᠬᠤᠪᠢᠷᠠᠯᠲᠠ ᠭᠠᠷᠴᠠᠢ᠂ ᠲᠠᠷᠢᠶᠠᠯᠠᠩ ᠮᠠᠯ ᠠᠵᠤ ᠠᠬᠤᠢ ᠪᠠᠷ ᠭᠤᠤᠯᠯᠠᠵᠤ ᠪᠠᠶᠢᠭᠰᠠᠨ ᠠᠴᠠ ᠪᠠᠨ ᠠᠵᠤ ᠦᠢᠯᠡᠳᠪᠦᠷᠢ | ᠪᠠ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠢ ᠪᠠᠷ ᠭᠤᠤᠯᠯᠠᠬᠤ ᠪᠤᠯᠤᠭᠰᠠᠨ᠂ ᠮᠠᠯᠵᠢᠬᠤ | ᠲᠠᠷᠢᠶᠠᠯᠠᠬᠤ ᠤᠷᠤᠨ ᠤ ᠬᠦᠮᠦᠨ ᠠᠮᠠ ᠪᠠᠷ ᠭᠤᠤᠯᠯᠠᠵᠤ ᠪᠠᠶᠢᠭᠰᠠᠨ ᠠᠴᠠ ᠬᠤᠲᠠ ᠪᠠᠯᠭᠠᠰᠤᠨ ᠤ ᠬᠦᠮᠦᠨ ᠠᠮᠠ ᠪᠠᠷ | ᠭᠤᠤᠯᠯᠠᠬᠤ ᠪᠤᠯᠤᠭᠰᠠᠨ᠂ ᠢᠳᠡᠵᠤ ᠡᠮᠦᠰᠬᠦ ᠳᠡᠭᠡᠨ ᠵᠦᠪ ᠦᠭᠡᠢ ᠪᠠᠶᠢᠭᠰᠠᠨ ᠠᠴᠠ ᠪᠦᠬᠦ ᠲᠠᠯ᠎ᠠ ᠶᠢᠨ ᠴᠢᠨᠡᠭᠡᠯᠢᠭ | ᠨᠡᠶᠢᠭᠡᠮ ᠲᠡᠰᠢ ᠤᠷᠤᠭᠰᠢᠯᠠᠭᠰᠠᠨ ᠲᠡᠤᠬᠡᠳᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠡ᠃ | ᠠᠵᠤ ᠠᠬᠤᠢ ᠶᠢᠨ ᠬᠦᠭᠵᠢᠯᠲᠠ ᠲᠤᠭᠳᠠᠭᠤᠨ ᠤ ᠳᠤᠮᠳᠠ ᠤᠷᠤᠭᠰᠢᠯᠠᠨ ᠠᠬᠢᠪᠠ᠃ ᠶᠡᠷᠦᠩᠬᠡᠢ ᠱᠦᠵᠢ | ᠰᠢ ᠶᠢᠨ ᠫᠢᠩ ᠤᠨ ︽ᠦᠨᠳᠦᠷ ᠲᠤ ᠵᠤᠭᠰᠤᠨ ᠠᠯᠤᠰ ᠢ ᠪᠠᠷᠠᠯᠠᠬᠤ ᠬᠡᠷᠡᠭᠲᠡᠢ︾ ᠭᠡᠰᠡᠨ ᠵᠢᠭᠠᠪᠤᠷᠢ ᠶᠢᠨ ᠵᠤᠷᠢᠭ | ᠰᠠᠨᠠᠭ᠎ᠠ ᠪᠤᠯᠤᠨ ︽ᠲᠠᠪᠤ ᠶᠢ ᠤᠶᠠᠯᠳᠤᠭᠤᠯᠬᠤ︾ ᠰᠢᠨᠵᠢᠯᠡᠬᠦ ᠤᠬᠠᠭᠠᠨᠴᠢ ᠠᠷᠭ᠎ᠠ ᠪᠠᠷᠢᠯ ᠶᠤᠰᠤᠭᠠᠷ᠂ ᠦᠪᠡᠷᠲᠡᠭᠡᠨ | ᠵᠠᠰᠠᠬᠤ ᠤᠷᠤᠨ ᠤ ᠬᠢᠨ ᠲᠤᠰ ᠪᠡᠶ᠎ᠠ ᠶᠢᠨ ᠬᠦᠭᠵᠢᠯᠲᠠ ᠪᠠᠨ ᠪᠦᠬᠦ ᠤᠯᠤᠰ ᠤᠨ ᠶᠡᠭᠡ ᠲᠠᠯ᠎ᠠ ᠳᠤ ᠲᠠᠯᠪᠢᠬᠤ ᠶᠢ | ᠪᠠᠷᠢᠮᠲᠠᠯᠠᠵᠤ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ | ᠦᠢᠯᠡᠳᠪᠦᠷᠢ ᠶᠢᠨ ᠰᠠᠭᠤᠷᠢᠨ᠂ ᠦᠩᠭᠡᠲᠦ ᠲᠡᠮᠦᠷᠯᠢᠭ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ᠂ ᠪᠤᠬᠢᠷᠳᠤᠯ | ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠬᠦ ᠡᠳ᠋ᠰᠢᠭᠦᠯᠬᠦ ᠭᠠᠷᠭᠠᠬᠤ | ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠪᠤᠯᠤᠨ | ᠤᠯᠤᠰ ᠤᠨ ᠳᠤᠳᠤᠭᠠᠳᠦ ᠭᠠᠳᠠᠭᠠᠳᠦ ᠶᠢᠨ ᠨᠡᠷᠡᠲᠦ ᠵᠤᠭᠠᠴᠠᠯ ᠤᠨ ᠤᠷᠤᠨ ᠢ ᠪᠦᠲᠦᠭᠡᠨ ᠪᠠᠶᠢᠭᠤᠯᠬᠤ ᠪᠠᠷ ᠪᠠᠷᠢᠴᠠ | ᠪᠤᠯᠭᠠᠵᠤ᠂ ᠬᠦᠭᠵᠢᠯᠲᠠ ᠶᠢᠨ ᠬᠡᠯᠪᠡᠷᠢ ᠪᠠᠨ ᠴᠢᠷᠮᠠᠶᠢᠨ ᠬᠤᠪᠢᠷᠠᠭᠤᠯᠵᠤ᠂ ᠬᠦᠭᠵᠢᠯᠲᠠ ᠶᠢᠨ ᠬᠦᠳᠡᠯᠭᠡᠬᠦ ᠬᠦᠴᠦ ᠪᠠᠨ | ᠴᠢᠷᠮᠠᠶᠢᠨ ᠬᠤᠪᠢᠷᠠᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ | ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠪᠤᠯᠤᠨ ᠪᠤᠬᠢᠷᠳᠤᠯ ᠦᠭᠡᠢ ᠬᠦᠭᠵᠢᠯᠲᠠ ᠶᠢ | ᠵᠤᠬᠢᠴᠠᠯᠳᠤᠭᠤᠯᠤᠨ ᠬᠦᠭᠵᠢᠭᠦᠯᠵᠠᠢ᠃ 2016 ᠤᠨ ᠳᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠲᠡᠭ 1.86 ᠲᠦᠮᠡᠨ ᠳ᠋ᠦᠩᠰᠢᠭᠤᠷ ᠲᠦᠭᠦᠷᠢᠭ ᠲᠤ ᠬᠦᠷᠴᠤ᠂ ᠬᠦᠮᠦᠨ ᠳᠤᠮᠳᠠᠴᠢ ᠦᠢᠯᠡᠳᠪᠦᠷᠢᠯᠡᠯ ᠤᠨ | ᠦᠷᠲᠡᠭ 7.4 ᠲᠦᠮᠡᠨ ᠲᠦᠭᠦᠷᠢᠭ ᠲᠤ ᠬᠦᠷᠴᠤ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ | 2016.5 ᠳ᠋ᠦᠩᠰᠢᠭᠤᠷ ᠲᠦᠭᠦᠷᠢᠭ ᠲᠤ ᠬᠦᠷᠴᠤ᠂ ᠠᠵᠤ ᠠᠬᠤᠢ ᠶᠢᠨ ᠶᠡᠷᠦᠩᠬᠡᠶᠢᠯᠡᠭᠰᠡᠨ ᠪᠤᠳᠠᠳᠤ ᠬᠦᠴᠦᠨ | ᠲᠤᠭᠲᠠᠭᠤᠨ ᠢᠶᠠᠷ ᠳᠡᠭᠡᠭᠰᠢᠯᠡᠪᠡ᠃ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠲᠠ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠨᠴᠠᠯᠢᠭᠲᠤ ᠳᠠᠪᠠᠭᠤᠯᠢᠭ ᠠᠵᠤ ᠦᠢᠯᠡᠰ᠂ ᠪᠠᠶᠢᠯᠳᠤᠬᠤ | ᠪᠤᠳᠤᠯᠭ᠎ᠠ ᠶᠢᠨ ᠰᠢᠨ᠎ᠠ ᠪᠠᠷ ᠮᠠᠨᠳᠤᠭᠰᠠᠨ ᠠᠵᠤ ᠦᠢᠯᠡᠰ ᠲᠦᠷᠭᠡᠨ ᠬᠦᠭᠵᠢᠵᠤ᠂ ᠤᠳᠤ ᠦᠶ᠎ᠠ ᠶᠢᠨ | ᠦᠢᠯᠡᠴᠢᠯᠡᠭᠡ ᠶᠢᠨ ᠦᠢᠯᠡᠰ ᠲᠦᠷᠭᠡᠨ ᠪᠤᠵᠠᠭᠠᠢᠢᠷᠠᠵᠤ᠂ ᠬᠡᠯᠪᠡᠷᠢ ᠪᠠᠨ ᠬᠤᠪᠢᠷᠠᠭᠤᠯᠵᠤ ᠪᠦᠲᠦᠴᠡ ᠳᠤ | ᠲᠤᠬᠢᠷᠠᠭᠤᠯᠤᠯᠲᠠ ᠬᠢᠭᠰᠡᠨ ᠦᠷ᠎ᠠ ᠪᠦᠲᠦᠮᠵᠢ ᠮᠡᠳᠡᠭᠳᠡᠮ᠎ᠠ ᠪᠤᠯᠪᠠ᠃ ᠪᠦᠬᠦ ᠤᠷᠤᠨ ᠤ ᠵᠠᠰᠠᠮᠠᠯ ᠵᠠᠮ ᠤᠨ ᠪᠦᠬᠦ | ᠤᠷᠲᠦ 19 ᠲᠦᠮᠡᠨ ᠺᠢᠯᠤᠮᠧᠲᠷ ᠢ ᠳᠠᠪᠠᠵᠤ᠂ ᠲᠡᠮᠦᠷ ᠵᠠᠮ ᠤᠨ ᠠᠶᠠᠯᠠᠯ ᠤᠨ ᠱᠤᠭᠤᠮ ᠤᠨ ᠪᠦᠬᠦ ᠤᠷᠲᠦ 1.37 | ᠲᠦᠮᠡᠨ ᠺᠢᠯᠤᠮᠧᠲᠷ ᠲᠤ ᠬᠦᠷᠴᠤ᠂ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ 24 ᠪᠤᠯᠵᠤ᠂ ᠰᠠᠭᠤᠷᠢ | ᠪᠡᠯᠡᠳᠬᠡᠮᠵᠢ ᠶᠢᠨ ᠪᠠᠲᠤᠯᠠᠪᠤᠷᠢ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠡᠢ᠃ | ᠠᠷᠠᠳ ᠤᠨ ᠠᠮᠢᠳᠤᠷᠠᠯ ᠪᠤᠯᠤᠨ ᠨᠡᠶᠢᠭᠡᠮ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ | ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠵᠤ᠂ ᠡᠯ᠎ᠠ ᠵᠦᠢᠯ ᠤᠨ ᠨᠡᠶᠢᠭᠡᠮ ᠤᠨ ᠦᠢᠯᠡᠰ ᠢ | ᠶᠡᠬᠡᠪᠡᠷ ᠬᠦᠭᠵᠢᠭᠦᠯᠵᠠᠢ᠃ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠲᠠ ᠪᠠ ᠤᠷᠤᠯᠭ᠎ᠠ ᠶᠢᠨ ᠨᠡᠮᠡᠭᠳᠡᠯ ᠢ | ᠠᠬᠢᠭᠤᠯᠵᠤ᠂ ᠪᠦᠬᠦ ᠤᠷᠤᠨ ᠤ ᠬᠦᠴᠦᠨ ᠢ ᠳᠠᠶᠢᠴᠢᠯᠠᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠶᠢ ᠠᠬᠢᠭᠤᠯᠵᠤ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠢᠯᠡᠳᠭᠡᠮᠵᠢ ᠲᠤᠰ | ᠲᠤᠰ 28.3%᠂ 29.3% ᠢᠶᠠᠷ ᠪᠠᠭᠤᠷᠠᠪᠠ᠃ ᠪᠦᠬᠦ ᠤᠷᠤᠨ ᠤ ᠡᠯ᠎ᠡ ᠱᠠᠳᠤᠨ ᠤ ᠡᠯ᠎ᠠ ᠲᠦᠷᠦᠯ ᠤᠨ | ᠰᠤᠷᠭᠠᠭᠤᠯᠢ 6734 ᠪᠤᠯᠪᠠ᠂ ᠡᠭᠦᠨ ᠳᠤ ᠡᠯ᠎ᠠ ᠲᠦᠷᠦᠯ ᠤᠨ ᠶᠡᠭᠡ ᠳᠡᠭᠡᠳᠤ ᠰᠤᠷᠭᠠᠭᠤᠯᠢ 57 ᠪᠠᠶᠢᠵᠤ᠂ | ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠳᠤᠮᠳᠠ | ᠵᠡᠷᠭᠡ ᠶᠢᠨ ᠰᠤᠷᠭᠠᠨ ᠬᠦᠮᠦᠵᠢᠯ᠂ ᠶᠡᠭᠡ ᠳᠡᠭᠡᠳᠤ ᠰᠤᠷᠭᠠᠭᠤᠯᠢ ᠶᠢᠨ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ | ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠵᠡᠷᠭᠡ ᠤᠳᠤ | ᠦᠶ᠎ᠠ ᠶᠢᠨ ᠰᠤᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠭᠦᠯᠦᠭᠰᠡᠨ ᠪᠠᠶᠢᠯ᠎ᠠ᠃ ᠡᠯ᠎ᠠ ᠲᠦᠷᠦᠯ ᠤᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ 2.4 ᠲᠦᠮᠡ ᠳᠤ ᠬᠦᠷᠴᠦ᠂ ᠨᠡᠯᠢᠶᠡᠳ ᠳᠡᠭᠦᠯᠳᠡᠷᠵᠢᠭᠰᠡᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠤ᠂ ᠮᠢᠩᠭᠠᠨ ᠬᠦᠮᠦᠨ ᠤ ᠳᠤᠮᠳᠠ ᠨᠤᠭᠲᠠᠬᠤ | ᠡᠪᠡᠳᠴᠢᠳᠡᠨ ᠤ ᠤᠷᠤ᠂ ᠡᠮᠴᠢᠯᠡᠬᠦ ᠬᠢᠷᠢ ᠬᠡᠮ ᠲᠠᠢ ᠡᠮᠴᠢ ᠶᠢᠨ ᠳᠤᠭ᠎ᠠ ᠨᠢ ᠴᠦᠮ ᠪᠦᠬᠦ ᠤᠯᠤᠰ ᠤᠨ ᠳᠤᠮᠳᠠᠴᠢ | ᠲᠦᠪᠰᠢᠨ ᠠᠴᠠ ᠦᠨᠳᠦᠷ ᠪᠠᠶᠢᠵᠤ᠂ ᠨᠢᠯᠬ᠎ᠠ ᠬᠡᠦᠭᠡᠳ ᠤᠨ ᠦᠭᠦᠯ ᠤᠨ ᠨᠤᠷᠮ᠎ᠠ᠂ ᠵᠢᠷᠮᠤᠰᠤᠨ ᠪᠦᠰᠡᠭᠦᠢ ᠶᠢᠨ | ᠦᠭᠦᠯ ᠤᠨ ᠨᠤᠷᠮ᠎ᠠ ᠨᠢ ᠴᠦᠮ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠤᠤᠷ᠎ᠠ ᠪᠠᠶᠢᠨ᠎ᠠ᠃ ᠬᠤᠳᠠ | ᠬᠦᠳᠡᠭᠡ ᠶᠢ ᠪᠦᠷᠭᠦᠭᠰᠡᠨ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠪᠤᠯᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠰᠢᠰᠲ᠋ᠧᠮ ᠢ ᠪᠠᠶᠢᠭᠤᠯᠵᠤ᠂ ᠭᠤᠤᠯ ᠪᠤᠯᠬᠤ ᠨᠡᠶᠢᠭᠡᠮ ᠤᠨ ᠪᠠᠳᠤᠯᠠᠪᠤᠷᠢ ᠶᠢᠨ ᠵᠢᠭᠠᠯᠳᠠ ᠳᠤᠭ᠎ᠠ ᠨᠢ | ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠰᠡᠨ ᠪᠤᠶᠤ ᠲᠠᠪᠠᠵᠠᠢ᠃ | ᠠᠮᠢ ᠠᠬᠤᠢ ᠶᠢᠨ ᠤᠷᠴᠢᠨ ᠳᠤᠭᠤᠷᠢᠨ ᠢᠯᠡᠳᠳᠡ ᠰᠠᠶᠢᠵᠢᠷᠠᠪᠠ᠃ ᠨᠤᠭᠤᠭᠠᠨ ᠦᠡᠭᠭᠡ ᠪᠤᠯ ᠦᠪᠤᠷ | ᠮᠤᠩᠭᠤᠯ ᠤᠨ ᠦᠪᠡᠷᠮᠢᠴᠡ ᠲᠠᠪᠠᠭᠤᠯᠢᠬ ᠪᠠ ᠦᠨ᠎ᠡ ᠦᠷᠳᠡᠭ ᠮᠦᠨ᠂ ᠠᠮᠢ ᠠᠬᠤᠢ ᠪᠤᠯ ᠦᠪᠤᠷ ᠮᠤᠩᠭᠤᠯ ᠤᠨ | ᠬᠠᠷᠢᠭᠤᠴᠠᠯᠭ᠎ᠠ ᠪᠠ ᠲᠠᠯᠳᠡ ᠬᠦᠴᠦᠨ ᠮᠦᠨ᠃ ᠦᠪᠡᠷᠳᠡᠭᠡᠨ ᠵᠠᠰᠠᠬᠤ ᠤᠷᠤᠨ ᠪᠤᠬᠢᠷᠳᠣᠯ ᠦᠭᠡᠢ ᠬᠦᠭᠵᠢᠯᠲᠠ ᠶᠢᠨ | ᠤᠢᠢᠯᠠᠭᠠᠭᠳᠠᠬᠤᠨ ᠢ ᠪᠠᠲᠦ ᠪᠤᠢ ᠪᠤᠯᠭᠠᠨ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠠᠮᠢ | ᠠᠬᠤᠢ ᠶᠢ ᠬᠠᠮᠠᠭᠠᠯᠠᠬᠤ ᠪᠦᠳᠦᠭᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ ᠪᠤᠢ᠃ ᠡᠯ᠎ᠠ | ᠵᠦᠢᠯ ᠤᠨ ᠴᠢᠬᠤᠯᠠ ᠶᠡᠭᠡ ᠠᠮᠢ ᠠᠬᠤᠢ ᠶᠢ ᠰᠡᠷᠭᠦᠭᠡᠭᠦ ᠢᠨᠵᠧᠨᠧᠷᠢᠩ ᠢ ᠬᠢᠨᠠᠮᠠᠭᠠᠢ ᠵᠤᠬᠢᠶᠠᠨ ᠪᠠᠶᠢᠭᠤᠯᠤᠨ | ᠬᠡᠷᠡᠭᠵᠢᠭᠦᠯᠵᠤ᠂ ᠤᠢ ᠰᠢᠭᠤᠢ ᠶᠢᠨ ᠪᠦᠷᠭᠦᠴᠡ ᠶᠢᠨ ᠨᠤᠷᠮ᠎ᠠ ᠪᠤᠯᠤᠨ ᠳᠠᠯ᠎ᠠ ᠨᠤᠳᠤᠭ ᠤᠨ ᠤᠷᠭᠤᠮᠠᠯ ᠤᠨ | ᠪᠦᠷᠭᠦᠴᠡ ᠶᠢᠨ ᠬᠡᠮᠵᠢᠶ᠎ᠠ ᠨᠢ ︽ᠬᠤᠤᠰ ᠳᠡᠭᠡᠭᠰᠢᠯᠡᠯᠳᠡ︾ ᠶᠢ ᠪᠡᠶᠡᠯᠡᠭᠦᠯᠵᠤ᠂ ᠴᠦᠯᠯᠡᠷᠭᠡᠭᠵᠢᠯ ᠪᠤᠯᠤᠨ | ᠡᠯᠡᠰᠣᠷᠭᠡᠭᠵᠢᠯ ︽ᠬᠤᠤᠰ ᠪᠠᠭᠤᠷᠠᠯᠳᠠ︾ ᠶᠢ ᠪᠡᠶᠡᠯᠡᠭᠦᠯᠦᠭᠰᠡᠨ ᠪᠠᠶᠢᠳᠠᠭ᠃ ᠤᠳᠤᠷᠢᠳᠬᠤ ᠺᠠᠳ᠋ᠷ ᠤᠨ | ᠳᠤᠰᠢᠶᠠᠯ ᠠᠴᠠ ᠪᠠᠨ ᠰᠠᠯᠬᠤ ᠦᠶ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠳᠠ | ᠬᠢᠭᠦ ᠳᠤᠷᠰᠢᠯᠳᠠ ᠶᠢᠨ ᠴᠢᠬ ᠤᠨ ᠠᠵᠢᠯ ᠢ ᠦᠷᠨᠢᠭᠦᠯᠵᠤ᠂ ᠠᠮᠢ ᠠᠬᠤᠢ ᠶᠢ ᠬᠠᠮᠠᠭᠠᠯᠠᠬᠤ ᠨᠦᠭᠦᠪᠦᠷᠢ᠂ ᠠᠮᠢ | ᠠᠬᠤᠢ ᠶᠢᠨ ᠤᠷᠴᠢᠨ ᠳᠤᠭᠤᠷᠢᠨ ᠢ ᠬᠤᠬᠢᠷᠠᠭᠤᠯᠤᠭᠰᠠᠨ ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ ᠨᠡᠭᠡᠮᠵᠢᠯᠡᠭᠦ | ᠵᠡᠷᠭᠡ ᠲᠦᠷᠢᠮ ᠢ ᠳᠤᠭᠳᠠᠭᠠᠵᠤ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠳᠤ | ᠳᠤᠷᠰᠢᠯᠭ᠎ᠠ ᠬᠠᠩᠭᠠᠵᠠᠢ᠃ ᠡᠬᠢ ᠪᠠᠶᠠᠯᠢᠭ ᠢ ᠠᠷᠪᠢᠯᠠᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ | ᠪᠠᠳᠤᠳᠠᠢ ᠠᠬᠢᠭᠤᠯᠵᠤ᠂ ᠭᠤᠤᠯ ᠪᠤᠯᠬᠤ ᠪᠤᠬᠢᠷᠳᠤᠯ ᠪᠤᠳᠠᠰ ᠭᠠᠳᠠᠭᠰᠢᠯᠠᠭᠤᠯᠤᠭᠰᠠᠨ ᠶᠡᠷᠦᠩᠬᠡᠢ ᠬᠡᠮᠵᠢᠶ᠎ᠠ ᠶᠢ ᠶᠡᠭᠡ | ᠬᠡᠮᠵᠢᠶ᠎ᠠ ᠪᠠᠷ ᠪᠠᠭᠠᠰᠬᠠᠵᠤ᠂ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠪᠠ ᠬᠤᠴᠤᠷᠤᠩᠭᠤᠢ | ᠦᠢᠯᠡᠳᠪᠦᠷᠢᠯᠡᠯ ᠤᠨ ᠬᠦᠴᠤᠨ ᠢ ᠰᠢᠭᠰᠢᠭᠳᠡᠭᠦᠯᠦᠭᠰᠡᠨ ᠦᠷ᠎ᠠ ᠪᠦᠳᠦᠮᠵᠢ ᠢᠯᠡᠳᠳᠡ ᠪᠠᠶᠢᠵᠤ᠂ ᠮᠠᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠳᠠ | ᠢᠯᠡᠳᠳᠡ ᠦᠷ᠎ᠠ ᠪᠦᠳᠦᠮᠵᠢ ᠤᠯᠪᠠ᠃ | 70 ᠵᠢᠯ ᠳᠤᠷᠰᠢᠬᠢ ᠦᠪᠦᠷ ᠮᠤᠩᠭᠤᠯ ᠤᠨ ᠠᠤᠭ᠎ᠠ ᠶᠡᠭᠡ ᠬᠤᠪᠢᠷᠠᠯᠳᠠ ᠨᠢ ᠦᠨᠳᠦᠰᠦᠳᠡᠨ ᠤ ᠤᠷᠤᠨ ᠤ | ᠦᠪᠡᠷᠳᠡᠭᠡᠨ ᠵᠠᠰᠠᠬᠤ ᠪᠠᠶᠢᠭᠤᠯᠤᠯ ᠤᠨ ᠳᠠᠪᠠᠭᠤᠯᠢᠭ ᠴᠢᠨᠠᠷ ᠢ ᠲᠦᠪᠯᠡᠷᠡᠩᠭᠦᠢ ᠪᠠᠷ ᠢᠯᠡᠷᠡᠭᠦᠯᠵᠡᠢ᠃ ᠠᠵᠤ ᠠᠬᠤᠢ | ᠲᠦᠷᠭᠡᠨ ᠢᠶᠠᠷ ᠬᠦᠭᠵᠢᠨ᠂ ᠠᠷᠠᠳ ᠤᠨ ᠠᠮᠢᠳᠤᠷᠠᠯ ᠢ ᠳᠠᠰᠤᠷᠠᠯᠳᠠ ᠦᠭᠡᠢ ᠰᠠᠶᠢᠵᠢᠷᠠᠭᠤᠯᠤᠭᠰᠠᠨ ᠨᠢ ᠦᠪᠡᠷᠳᠡᠭᠡᠨ | ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠪᠤᠳᠠᠰ ᠤᠨ ᠰᠠᠭᠤᠷᠢ ᠶᠢ ᠤᠯᠠᠮ ᠪᠠᠳᠤᠳᠬᠠᠨ | ᠳᠤᠭᠳᠠᠪᠤᠷᠢᠵᠢᠭᠤᠯᠤᠭᠰᠠᠨ ᠢᠶᠠᠷ ᠪᠠᠷᠠᠬᠤ ᠦᠭᠡᠢ ᠦᠨᠳᠦᠰᠦᠳᠡᠨ ᠨᠦᠭᠦᠳ ᠤᠨ ᠠᠷᠠᠳ ᠲᠦᠮᠡᠨ ᠤ ᠳᠡᠦᠭᠡ ᠶᠢᠨ | ᠭᠤᠯᠳᠤ ᠬᠠᠷᠢᠴᠠᠭᠤᠯᠤᠯ ᠬᠢᠭᠡᠳ ᠤᠯᠠᠨ ᠤᠯᠤᠰ ᠯᠤᠭ᠎ᠠ ᠶᠢᠨ ᠬᠦᠨᠳᠡᠯᠡᠨ ᠬᠠᠷᠢᠴᠠᠭᠤᠯᠤᠯ ᠳᠤᠮᠳᠠ᠂ ᠳᠤᠮᠳᠠᠳᠤ ᠶᠢᠨ | ᠦᠨᠳᠦᠰᠦᠳᠡᠨ ᠤ ᠳᠤᠮᠤ ᠬᠡᠷ ᠪᠦᠯᠢ ᠶᠢᠨ ᠨᠢᠭᠡᠨ ᠬᠡᠰᠢᠭᠦᠨ ᠪᠤᠯᠤᠭᠰᠠᠨ ᠤ ᠤᠮᠤᠭᠰᠢᠯ ᠢ ᠤᠯᠠᠮ ᠢᠶᠠᠷ ᠨᠡᠮᠡᠭᠳᠡᠭᠦᠯᠪᠡ᠃ | ᠪᠢᠳᠡ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠲᠠᠪᠠᠭᠤᠯᠢᠭ ᠢᠶᠠᠨ ᠤᠯᠠᠮ ᠨᠢᠭᠡ | ᠠᠯᠬᠤᠮ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠪᠠᠷᠠᠭᠤᠨ ᠤᠷᠤᠨ ᠢ | ᠶᠡᠬᠡᠪᠡᠷ ᠨᠡᠭᠡᠭᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ᠂ ᠵᠡᠭᠦᠨ ᠬᠤᠶᠢᠲᠤ ᠶᠢᠨ ᠭᠠᠵᠠᠷ ᠤᠷᠤᠨ ᠢ ᠰᠡᠷᠭᠦᠭᠡᠨ | ᠮᠠᠨᠳᠤᠭᠤᠯᠬᠤ ᠵᠡᠷᠭᠡ ᠲᠡᠤᠬᠡᠲᠤ ᠠᠵᠠ ᠲᠤᠬᠢᠶᠠᠯ ᠢ ᠰᠠᠶᠢᠲᠤᠷ ᠡᠵᠡᠮᠳᠡᠨ᠂ ᠰᠢᠨ᠎ᠡ ᠬᠦᠭᠵᠢᠯᠳᠡ ᠶᠢᠨ ᠤᠨᠤᠯᠵᠢᠬᠤᠨ ᠢ | ᠪᠠᠲᠦ ᠪᠤᠢ ᠪᠤᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠢᠨ᠎ᠡ ᠬᠡᠪ ᠪᠠᠶᠢᠳᠠᠯ ᠳᠤ | ᠢᠳᠡᠪᠬᠢᠲᠡᠢ ᠵᠤᠬᠢᠴᠠᠬᠤ ᠪᠠ ᠡᠵᠡᠮᠳᠡᠨ ᠲᠠᠭᠠᠭᠤᠯᠵᠤ᠂ ᠶᠠᠰᠤ ᠴᠢᠨᠠᠷ ᠨᠡᠩ ᠰᠠᠶᠢᠨ᠂ ᠦᠷ᠎ᠡ ᠠᠰᠢᠬ ᠨᠡᠩ ᠦᠨᠳᠦᠷ᠂ | ᠪᠦᠲᠦᠴᠡ ᠨᠡᠩ ᠰᠢᠯᠢᠳᠡᠭ᠂ ᠬᠦᠭᠵᠢᠯᠳᠡ ᠶᠢᠨ ᠨᠦᠭᠡᠴᠡ ᠬᠦᠴᠦᠨ ᠨᠡᠩ ᠶᠡᠭᠡ᠂ ᠲᠠᠪᠠᠭᠤᠯᠢᠭ ᠢᠶᠠᠨ ᠭᠦᠢᠴᠡᠳ | ᠪᠠᠳᠠᠷᠠᠭᠤᠯᠤᠭᠰᠠᠨ ᠬᠦᠭᠵᠢᠯᠳᠡ ᠶᠢᠨ ᠰᠢᠨ᠎ᠡ ᠵᠠᠮ ᠢ ᠬᠦᠴᠦᠯᠡᠨ ᠡᠷᠢᠯᠬᠢᠯᠡᠵᠦ᠂ ᠪᠦᠬᠦ ᠤᠯᠤᠰ ᠯᠤᠭ᠎ᠠ ᠢᠵᠢᠯ | ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠭᠤᠷᠪᠠ᠂ 70 ᠵᠢᠯ ᠤᠨ ᠲᠤᠷᠰᠢ᠂ ᠪᠢᠳᠡ ᠢᠮᠠᠬᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠦᠨᠳᠦᠰᠦᠳᠡᠨ ᠨᠦᠭᠦᠳ ᠰᠡᠳᠬᠢᠯ ᠵᠢᠷᠦᠬᠡ ᠪᠠᠨ ᠬᠤᠯᠪᠤᠨ ᠭᠠᠷ ᠭᠠᠷ ᠢᠶᠠᠨ ᠬᠤᠯᠪᠤᠭᠰᠠᠠ | ᠰᠢᠯᠢᠳᠡᠭ ᠰᠠᠶᠢᠬᠠᠨ ᠤᠯᠠᠮᠵᠢᠯᠠᠯ ᠢᠶᠠᠨ ᠪᠠᠳᠤᠵᠢᠭᠤᠯᠤᠨ ᠪᠠᠳᠠᠷᠠᠭᠤᠯᠤᠭᠰᠠᠭᠠᠷ ᠢᠷᠡᠪᠡ | ᠦᠨᠳᠦᠰᠦᠳᠡᠨ ᠤ ᠪᠦᠯᠬᠦᠮᠳᠡᠯ ᠪᠤᠯ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ | ᠮᠦᠨ᠃ ᠶᠡᠷᠦᠩᠬᠡᠢ ᠱᠦᠵᠢ ᠰᠢ ᠶᠢᠨ ᠫᠢᠡᠭ ᠵᠢᠭᠠᠵᠤ ᠭᠠᠷᠭᠠᠭᠰᠠᠨ ᠨᠢ᠂ ︽ᠦᠨᠳᠦᠰᠦᠳᠡᠨ ᠨᠦᠭᠦᠳ ᠪᠦᠯᠬᠦᠮᠳᠡᠬᠦ | ᠦᠭᠡᠢ ᠡᠳᠦᠷᠵᠢᠨ ᠴᠤᠤᠭᠢᠯᠳᠤᠭᠠᠳ ᠪᠠᠶᠢᠪᠠᠯ᠂ ᠠᠯᠢ ᠨᠢᠭᠡ ᠦᠨᠳᠦᠰᠦᠳᠡᠨ ᠨᠢ ᠴᠤ ᠭᠡᠳ ᠰᠠᠶᠢᠨ ᠰᠠᠶᠢᠬᠠᠨ | ᠠᠮᠢᠳᠤᠷᠠᠯ ᠢ ᠡᠳ᠋ᠯᠡᠵᠤ ᠳᠡᠶᠢᠯᠬᠦ ᠦᠭᠡᠢ ᠶᠤᠮ︾ ᠭᠡᠵᠠᠢ᠃ 70 ᠵᠢᠯ ᠤᠨ ᠲᠤᠷᠰᠢ᠂ ᠦᠪᠦᠷ ᠮᠤᠩᠭᠤᠯ ᠢᠮᠠᠬᠳᠠ | ᠨᠠᠮ ᠤᠨ ᠲᠦᠪ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠬᠤ ᠠᠵᠢᠯ ᠢ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠠᠵᠢᠯ ᠪᠤᠯᠭᠠᠨ | ᠠᠳᠬᠤᠵᠤ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠠᠮᠵᠢᠯᠳᠠ ᠪᠦᠲᠦᠮᠵᠢ ᠭᠠᠷᠭᠠᠬᠤ ᠪᠠᠷ ᠴᠢᠷᠮᠠᠶᠢᠨ᠂ | ᠦᠨᠳᠦᠰᠦᠳᠡᠨ ᠨᠦᠭᠦᠳ ᠬᠠᠮᠳᠤᠪᠡᠷ ᠪᠦᠯᠭᠦᠮᠳᠡᠨ ᠲᠡᠮᠡᠴᠡᠵᠦ᠂ ᠬᠠᠮᠳᠤᠪᠡᠷ ᠴᠡᠴᠡᠭᠯᠡᠨ ᠬᠦᠭᠵᠢᠬᠦ ᠶᠢ | ᠪᠡᠶᠡᠯᠡᠭᠦᠯᠵᠠᠢ᠃ | ᠬᠠᠷᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠤᠨ᠂ ᠦᠨᠳᠦᠰᠦᠳᠡᠨ ᠨᠦᠭᠦᠳ ᠡᠶ᠎ᠡ ᠨᠠᠶᠢᠷᠲᠠᠢ ᠪᠠᠷ | ᠤᠷᠤᠰᠢᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ᠂ ᠡᠶ᠎ᠡ ᠵᠤᠬᠢᠴᠠᠩᠭᠤᠢ ᠪᠠᠷ ᠬᠦᠭᠵᠢᠭᠦ ᠶᠢ ᠠᠬᠢᠭᠤᠯᠵᠠᠢ᠃ | ᠦᠨᠳᠦᠰᠦᠳᠡᠨ ᠨᠦᠭᠦᠳ ᠶᠡᠬᠡᠪᠡᠷ ᠬᠤᠯᠢᠯᠳᠤᠨ ᠰᠠᠭᠤᠷᠢᠰᠢᠵᠤ᠂ ᠪᠠᠭ᠎ᠠ ᠪᠠᠷ ᠲᠦᠪᠯᠡᠷᠡᠨ ᠰᠠᠭᠤᠷᠢᠰᠢᠭᠰᠠᠨ | ᠪᠠᠶᠢᠳᠠᠯ ᠳᠤ ᠰᠠᠭᠤᠷᠢᠯᠠᠨ᠂ ᠬᠠᠷᠢᠯᠴᠠᠨ ᠠᠭᠤᠰᠤᠯᠴᠠᠬᠤ ᠬᠡᠯᠪᠡᠷᠢ ᠶᠢᠨ ᠨᠡᠶᠢᠭᠡᠮ ᠤᠨ ᠪᠦᠳᠦᠴᠡ ᠪᠠ ᠨᠡᠶᠢᠭᠡᠮ | ᠲᠤᠭᠤᠷᠢᠭ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠬᠠᠮᠲᠤᠪᠡᠷ ᠰᠠᠭᠤᠷᠢᠰᠢᠬᠤ᠂ ᠬᠠᠮᠲᠤᠪᠡᠷ ᠰᠤᠷᠤᠯᠴᠠᠬᠤ᠂ | ᠬᠠᠮᠲᠤᠪᠡᠷ ᠠᠵᠢᠯᠯᠠᠬᠤ᠂ ᠬᠠᠮᠲᠤᠪᠡᠷ ᠵᠢᠷᠭᠠᠬᠤ ᠨᠡᠶᠢᠭᠡᠮ ᠤᠨ ᠨᠦᠬᠦᠴᠡᠯ ᠢ ᠬᠦᠴᠦᠯᠡᠨ ᠪᠦᠷᠢᠯᠳᠦᠭᠦᠯᠵᠦ᠂ | ᠦᠨᠳᠦᠰᠦᠳᠡᠨ ᠨᠦᠭᠦᠳ ᠦᠨᠡᠨ ᠰᠡᠳᠬᠢᠯ ᠠᠴᠠ ᠪᠠᠨ ᠨᠠᠶᠢᠵᠢ ᠪᠤᠯᠤᠯᠴᠠᠬᠤ᠂ ᠨᠠᠶᠢᠷᠰᠠᠭ ᠰᠠᠶᠢᠬᠠᠨ ᠬᠦᠷᠰᠢ ᠪᠤᠯᠬᠤ᠂ | ᠡᠯᠢᠭᠡᠰᠡᠭ ᠲᠤᠲᠤᠨᠤ ᠤᠷᠤᠭ ᠰᠠᠳᠤᠨ ᠪᠤᠯᠬᠤ ᠶᠢ ᠠᠬᠢᠭᠤᠯᠪᠠ᠃ ᠬᠤᠤᠰ ᠬᠡᠯᠡᠨ ᠤ ᠰᠤᠷᠭᠠᠨ ᠬᠦᠮᠦᠵᠢᠯ ᠤᠨ | ᠬᠦᠴᠦᠯᠡᠴᠡ ᠶᠢ ᠴᠢᠩᠭᠠᠳᠬᠠᠵᠤ᠂ 90% ᠠᠴᠠ ᠲᠡᠭᠡᠭᠰᠢᠬᠢ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠪᠠ | ᠴᠡᠴᠡᠷᠯᠢᠭ ᠮᠤᠩᠭᠤᠯ ᠬᠢᠳᠠᠳ ︽ᠬᠤᠤᠰ ᠬᠡᠯᠡᠨ︾ ᠤ ᠵᠢᠭᠠᠨ ᠰᠤᠷᠭᠠᠯᠳᠠ ᠶᠢ ᠬᠡᠷᠡᠭᠵᠢᠭᠦᠯᠵᠠᠢ᠃ ᠴᠦᠬᠡᠨ | ᠲᠤᠭᠠᠲᠤ ᠦᠨᠳᠦᠰᠦᠳᠡᠨ ᠤ ᠰᠢᠯᠢᠳᠡᠭ ᠺᠠᠳ᠋ᠷᠴᠤᠳ ᠢ ᠬᠦᠴᠦᠯᠡᠨ ᠬᠦᠮᠦᠵᠢᠭᠦᠯᠵᠦ᠂ ᠰᠤᠩᠭᠤᠨ ᠲᠡᠪᠰᠢᠭᠦᠯᠬᠦ ᠪᠠ | ᠬᠡᠷᠡᠭᠯᠡᠵᠦ᠂ ᠤᠳᠤᠬᠠᠨ ᠳᠤ ᠪᠦᠬᠦ ᠤᠷᠤᠨ ᠤ ᠴᠦᠬᠡᠨ ᠲᠤᠭᠠᠲᠤ ᠦᠨᠳᠦᠰᠦᠳᠡᠨ ᠤ ᠺᠠᠳ᠋ᠷ ᠤᠨ ᠲᠤᠭ᠎ᠠ ᠪᠦᠬᠦ | ᠺᠠᠳ᠋ᠷᠴᠤᠳ ᠤᠨ 32% ᠢ ᠡᠵᠡᠯᠡᠵᠦ᠂ ᠴᠦᠬᠡᠨ ᠲᠤᠭᠠᠲᠤ ᠦᠨᠳᠦᠰᠦᠳᠡᠨ ᠤ ᠠᠷᠠᠳ ᠤᠨ ᠲᠦᠯᠦᠭᠡᠯᠡᠭᠴᠢ ᠪᠠ | ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠲᠤᠰᠪᠤᠷᠢ ᠪᠦᠬᠦ ᠤᠷᠤᠨ ᠤ ᠠᠷᠠᠳ ᠤᠨ ᠲᠦᠯᠦᠭᠡᠯᠡᠭᠴᠢ ᠪᠠ ᠤᠯᠤᠰ | ᠲᠦᠷᠦ ᠶᠢᠨ ᠵᠦᠪᠯᠡᠯᠭᠡᠨ ᠤ ᠭᠡᠰᠢᠬᠦᠨ ᠤ 38% ᠪᠠ 37% ᠶᠢ ᠡᠵᠡᠯᠡᠵᠦ᠂ ᠴᠦᠮ ᠦᠪᠡᠷᠳᠡᠭᠡᠨ ᠵᠠᠰᠠᠬᠤ | ᠤᠷᠤᠨ ᠤ ᠴᠦᠬᠡᠨ ᠲᠤᠭᠠᠲᠤ ᠦᠨᠳᠦᠰᠦᠳᠡᠨ ᠤ ᠬᠦᠮᠦᠨ ᠠᠮᠠ ᠶᠢᠨ ᠡᠵᠡᠯᠡᠬᠦ ᠬᠠᠷᠢᠴᠠᠯ ᠠᠴᠠ ᠢᠯᠡᠳᠳᠡ ᠦᠨᠳᠦᠷ | ᠪᠠᠶᠢᠵᠤ᠂ ᠤᠯᠤᠰ ᠪᠤᠯᠤᠨ ᠭᠠᠵᠠᠷ ᠤᠷᠤᠨ ᠤ ᠬᠡᠷᠡᠭ ᠶᠠᠪᠤᠳᠠᠯ ᠳᠤ ᠤᠷᠤᠯᠴᠠᠬᠤ ᠪᠠ ᠬᠠᠮᠢᠶᠠᠷᠬᠤ ᠳᠤ ᠢᠳᠡᠪᠬᠢᠲᠡᠢ | ᠦᠢᠯᠡᠳᠦᠯ ᠦᠵᠡᠬᠦᠯᠵᠠᠢ᠃ | ᠦᠨᠳᠦᠰᠦᠳᠠᠨ ᠤ ᠰᠤᠶᠤᠯ ᠤᠨ ᠳᠤᠮᠤ ᠤᠷᠤᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠳᠠᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠴᠤᠭᠴᠠᠯᠠᠨ ᠪᠠᠶᠢᠭᠤᠯᠵᠤ ᠪᠠᠶᠢᠨ᠎ᠠ᠃ | ᠦᠵᠡᠯ ᠰᠠᠨᠠᠭ᠎ᠠ ᠶᠢ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠬᠦᠨᠵᠡᠭᠡᠶᠢᠷᠡᠬᠦᠯᠵᠤ᠂ ᠮᠠᠷᠺᠰ ᠤᠨ ᠦᠵᠡᠯ ᠤᠨ | ᠳᠤᠮᠳᠠᠳᠤ ᠤᠯᠤᠰᠴᠢᠯᠠᠭᠰᠠᠠ ᠬᠠᠮᠤᠭ ᠤᠨ ᠰᠢᠨ᠎ᠠ ᠦᠷ᠎ᠠ ᠪᠦᠳᠦᠭᠡᠯ ᠢᠶᠠᠷ ᠳᠠᠷᠢᠭᠢ ᠳᠤᠯᠤᠭᠠᠢ ᠪᠠᠨ ᠳᠠᠰᠤᠷᠠᠯᠳᠠ | ᠦᠭᠡᠢ ᠵᠡᠪᠰᠡᠭᠯᠡᠵᠤ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ | ᠭᠦᠮᠦᠨ ᠤ ᠰᠡᠳᠭᠢᠯ ᠳᠤ ᠬᠠᠳᠠᠩᠰᠢᠭᠤᠯᠪᠠ᠃ ᠳᠤᠮᠳᠠᠳᠤ ᠶᠢᠨ ᠦᠨᠳᠦᠰᠦᠳᠠᠨ ᠤ ᠰᠢᠯᠢᠳᠡᠭ ᠤᠯᠠᠮᠵᠢᠯᠠᠯᠳᠦ | ᠰᠤᠶᠤᠯ ᠢ ᠶᠡᠭᠡ ᠭᠦᠴᠦᠨ ᠢᠶᠠᠷ ᠪᠠᠳᠠᠷᠠᠭᠤᠯᠵᠤ᠂ ᠦᠨᠳᠦᠰᠦᠳᠠᠨ ᠨᠦᠭᠦᠳ ᠤᠨ ᠰᠤᠶᠤᠯ ᠤᠨ ᠬᠠᠮᠠᠭᠠᠯᠠᠯᠳᠠ᠂ | ᠤᠯᠠᠮᠵᠢᠯᠠᠯ ᠪᠠ ᠰᠢᠨᠡᠴᠢᠯᠡᠯ ᠢ ᠴᠢᠩᠭᠠᠳᠬᠠᠵᠤ᠂ ᠦᠨᠳᠦᠰᠦᠳᠠᠨ ᠨᠦᠭᠦᠳ ᠤᠨ ᠠᠷᠠᠳ ᠳᠦᠮᠠᠨ ᠢ ᠵᠦᠪ ᠡᠭᠡ | ᠤᠯᠤᠰ ᠤᠨ ᠦᠵᠡᠯ᠂ ᠦᠨᠳᠦᠰᠦᠳᠠᠨ ᠤ ᠦᠵᠡᠯ᠂ ᠳᠡᠤᠭᠡ ᠶᠢᠨ ᠦᠵᠡᠯ ᠢ ᠪᠠᠳᠤ ᠪᠠᠭᠢ ᠪᠤᠢ ᠪᠤᠯᠭᠠᠬᠤ ᠶᠢ | ᠭᠦᠮᠦᠵᠢᠭᠦᠯᠤᠨ ᠳᠠᠶᠢᠴᠢᠯᠠᠵᠤ᠂ ᠳᠤᠮᠳᠠᠳᠤ ᠶᠢᠨ ᠦᠨᠳᠦᠰᠦᠳᠠᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠤᠯᠠᠮ | ᠨᠢᠭᠡ ᠠᠯᠬᠤᠮ ᠴᠢᠩᠭᠠᠳᠬᠠᠵᠠᠢ᠃ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠤᠯᠭᠠᠭᠰᠠᠨ ᠦᠨᠳᠦᠰᠦᠳᠠᠨ ᠤ | ᠵᠤᠷᠢᠭ ᠰᠠᠨᠠᠭ᠎ᠠ ᠪᠠ ᠦᠭᠡᠷᠡᠴᠢᠯᠡᠯᠳᠠ ᠰᠢᠨᠠᠴᠢᠯᠠᠯᠳᠠ ᠪᠠᠷ ᠭᠤᠤᠯ ᠪᠤᠯᠭᠠᠭᠰᠠᠨ ᠴᠠᠭ ᠦᠶ᠎ᠠ ᠶᠢᠨ ᠵᠤᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ | ᠭᠦᠮᠦᠵᠢᠯ ᠢ ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠵᠤ᠂ ᠤᠯᠤᠰ ᠠᠷᠠᠳ ᠤᠨ ᠰᠤᠷᠭᠠᠨ ᠭᠦᠮᠦᠵᠢᠯ ᠪᠠ | ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠪᠦᠭᠦ ᠶᠠᠪᠤᠴᠠ ᠳᠤ ᠠᠭᠤᠰᠬᠠᠨ᠂ ᠡᠭᠡ ᠤᠯᠤᠰ ᠤᠨ ᠤᠮᠠᠷᠠᠳᠦ ᠶᠢᠨ | ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠭᠦᠴᠦᠷᠭᠡᠭ ᠶᠡᠭᠡ ᠦᠵᠡᠯ ᠰᠠᠨᠠᠭᠠᠨ ᠤ | ᠭᠦᠳᠡᠯᠭᠡᠬᠦ ᠭᠦᠴᠦᠨ ᠬᠠᠨᠭ᠍ᠭᠠᠵᠠᠢ᠃ ᠤᠯᠤᠰ ᠤᠨ ᠨᠡᠶᠢᠳᠡᠮ ᠭᠡᠷᠡᠭᠯᠡᠭᠦ ᠦᠭᠡ ᠭᠡᠯᠡ ᠦᠰᠦᠭ ᠪᠢᠴᠢᠭ ᠢ ᠶᠡᠭᠡ | ᠬᠦᠴᠦᠨ ᠢᠶᠠᠷ ᠲᠡᠯᠭᠡᠷᠡᠬᠦᠯᠤᠨ ᠳᠦᠭᠡᠮᠡᠯᠵᠢᠭᠦᠯᠭᠦ ᠶᠢᠨ ᠬᠠᠮᠳᠦ᠂ ᠴᠦᠭᠡᠨ ᠳᠤᠭᠠᠳᠦ ᠦᠨᠳᠦᠰᠦᠳᠠᠨ ᠤ ᠦᠪᠡᠷ ᠤᠨ | ᠦᠨᠳᠦᠰᠦᠳᠠᠨ ᠤ ᠦᠭᠡ ᠭᠡᠯᠨ ᠦᠰᠦᠭ ᠪᠢᠴᠢᠭ ᠢᠶᠠᠨ ᠭᠡᠷᠡᠭᠯᠡᠭᠦ ᠡᠷᠭᠡ ᠶᠢ ᠭᠦᠨᠳᠦᠳᠭᠡᠭᠦ ᠪᠠ ᠪᠠᠳᠤᠯᠠᠵᠤ᠂ ᠡᠯ᠎ᠠ | ᠱᠠᠳᠤᠨ ᠤ ᠨᠠᠮ ᠵᠠᠰᠠᠭ ᠤᠨ ᠪᠠᠶᠢᠭᠤᠯᠭ᠎ᠠ ᠪᠠ ᠰᠤᠷᠭᠠᠭᠤᠯᠢ᠂ ᠷᠠᠳᠢᠣ᠋ ᠳᠧᠯᠸᠢᠰ᠂ ᠰᠤᠨᠢᠨ ᠮᠡᠳᠡᠭᠡ ᠭᠡᠪᠯᠡᠯ ᠵᠡᠷᠭᠡ | ᠭᠦᠷᠢᠶᠠᠨ ᠳᠤ ᠮᠤᠩᠭᠤᠯ ᠭᠡᠯᠡ ᠦᠰᠦᠭ ᠪᠢᠴᠢᠭ ᠢ ᠳᠦᠷᠢᠮᠵᠢᠭᠦᠯᠦᠨ ᠵᠦᠪ ᠢᠶᠠᠷ ᠭᠡᠷᠡᠭᠯᠡᠬᠦ ᠶᠢ ᠠᠬᠢᠭᠤᠯᠪᠠ᠃ | ᠰᠤᠶᠤᠯ ᠤᠨ ᠳᠤᠨᠤᠭ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠭᠢᠳᠠᠢ ᠠᠬᠢᠭᠤᠯᠵᠤ᠂ ᠠᠶᠢᠮᠠᠭ | ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤᠨ ᠤ ᠰᠤᠶᠤᠯ ᠤᠨ ᠦᠢᠯᠡᠴᠢᠯᠡᠭᠡᠨ ᠤ ᠤᠷᠳᠤᠨ | ᠦᠷᠳᠡᠭᠡ ᠶᠢᠨ ᠪᠦᠷᠭᠦᠴᠠ ᠶᠢᠨ ᠨᠤᠷᠮ᠎ᠠ 100% ᠳᠤ ᠭᠦᠷᠴᠦ᠂ ᠭᠠᠴᠠᠭ᠎ᠠ ᠳᠤᠰᠬᠤᠨ ᠤ ᠰᠤᠶᠤᠯ ᠤᠨ | ᠦᠷᠦᠭᠡ ᠶᠢᠨ ᠪᠦᠷᠭᠦᠴᠠ ᠶᠢᠨ ᠨᠤᠷᠮ᠎ᠠ 96% ᠳᠤ ᠭᠦᠷᠴᠦ᠂ ᠪᠦᠭᠦ ᠤᠷᠤᠨ ᠢ ᠬᠠᠮᠤᠷᠤᠭᠰᠠᠨ ᠳᠠᠪᠤᠨ ᠳᠠᠰ ᠤᠨ | ᠤᠯᠠᠨ ᠨᠡᠶᠢᠲᠡ ᠶᠢᠨ ᠰᠤᠶᠤᠯ ᠤᠨ ᠳᠤᠨᠤᠭ ᠳᠦᠭᠦᠭᠡᠷᠦᠮᠵᠢ ᠶᠢᠨ ᠳᠤᠤᠷ ᠢ ᠪᠦᠷᠢᠯᠳᠤᠭᠦᠯᠵᠠᠢ᠃ ᠠᠷᠠᠳ | ᠳᠦᠮᠠᠨ ᠢᠶᠠᠷ ᠭᠤᠤᠯ ᠪᠤᠯᠭᠠᠭᠰᠠᠨ ᠵᠤᠬᠢᠶᠠᠨ ᠪᠦᠳᠦᠭᠡᠯᠳᠠ ᠶᠢᠨ ᠴᠢᠭᠯᠡᠯ ᠢ ᠪᠠᠷᠢᠮᠳᠠᠯᠠᠵᠤ᠂ | ᠦᠨᠳᠦᠰᠦᠳᠠᠨ ᠨᠦᠭᠦᠳ ᠤᠨ ᠠᠷᠠᠳ ᠳᠦᠮᠠᠨ ᠳᠤ ᠦᠢᠯᠡᠴᠢᠯᠡᠭᠰᠡᠨ ᠰᠢᠯᠢᠳᠡᠭ ᠪᠦᠳᠦᠭᠡᠯ ᠢ ᠪᠦᠲᠦᠭᠡᠵᠦ᠂ ᠨᠢᠭᠡ | ᠪᠦᠯᠦᠭ ᠰᠤᠶᠤᠯ ᠤᠷᠠᠯᠢᠭ ᠤᠨ ᠰᠢᠯᠢᠳᠡᠭ ᠪᠦᠳᠦᠭᠡᠯ ᠪᠦᠭᠦ ᠤᠯᠤᠰ ᠤᠨ ︽ᠳᠠᠪᠦ ᠨᠢᠭᠡ ᠶᠢᠨ ᠢᠨᠵᠧᠨᠧᠷᠢᠩ ᠤᠨ | ᠱᠠᠩᠨᠠᠯ︾ ᠢ ᠭᠦᠷᠳᠡᠵᠤ᠂ ᠠᠯᠢ ᠤᠯᠠᠨ ᠪᠦᠳᠦᠭᠡᠯ ᠨᠢ ᠤᠯᠤᠰ ᠤᠨ ᠳᠤᠳᠤᠨ᠎ᠠ ᠭᠠᠳᠠᠨ᠎ᠠ ᠠᠯᠲᠠᠷᠰᠢᠵᠤ᠂ ᠳᠡᠯᠡᠭᠡᠢ | ᠳ᠋ᠠᠭᠢᠨ ᠳᠤ ᠳᠤᠮᠳᠠᠳᠤ ᠶᠢᠨ ᠦᠯᠢᠬᠡᠷ ᠤᠨ ︽ᠦᠪᠦᠷ ᠮᠤᠩᠭᠤᠯ ᠤᠨ ᠬᠠᠭᠤᠳᠠᠰᠦ︾ ᠶᠢ ᠠᠮᠢᠳᠤᠯᠢᠭ ᠢᠶᠠᠷ | ᠪᠢᠴᠢᠭᠯᠡᠵᠡᠢ᠃ | ᠦᠨᠳᠦᠰᠦᠳᠠᠨ ᠤ ᠪᠦᠯᠭᠦᠮᠳᠠᠯ ᠳᠠᠪᠰᠢᠯᠳᠠ ᠶᠢᠨ ᠤᠬᠠᠭᠤᠯᠭ᠎ᠠ ᠭᠦᠮᠦᠵᠢᠯ ᠪᠠ ᠡᠬᠦᠳᠦᠨ ᠪᠦᠳᠦᠭᠡᠬᠦ | ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠡᠷᠭᠡ ᠳᠡᠭᠰᠢ ᠪᠦᠯᠭᠦᠮᠳᠠᠯ ᠲᠠᠢ ᠬᠠᠷᠢᠯᠴᠠᠨ | ᠬᠠᠪᠰᠤᠷᠤᠯᠴᠠᠭᠰᠠᠨ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠳᠠᠨ ᠤ ᠬᠠᠷᠢᠴᠠᠭ᠎ᠠ ᠶᠢ ᠳᠠᠰᠤᠷᠠᠯᠳᠠ | ᠦᠭᠡᠢ ᠪᠠᠭᠢᠵᠢᠭᠦᠯᠦᠨ ᠭᠦᠭᠵᠢᠭᠦᠯᠪᠡ᠃ ᠦᠨᠳᠦᠰᠦᠳᠠᠨ ᠤ ᠪᠦᠯᠭᠦᠮᠳᠠᠯ ᠳᠠᠪᠰᠢᠯᠳᠠ ᠶᠢᠨ ᠤᠠᠬᠭᠤᠯᠭ᠎ᠠ ᠭᠦᠮᠦᠵᠢᠯ ᠢ | ᠪᠦᠭᠦ ᠳᠠᠯ᠎ᠠ ᠪᠠᠷ ᠴᠢᠩᠭᠠᠳᠬᠠᠵᠤ᠂ ᠨᠠᠮ ᠤᠨ ᠦᠨᠳᠦᠰᠦᠳᠠᠨ ᠤ ᠤᠨᠤᠯ᠂ ᠦᠨᠳᠦᠰᠦᠳᠠᠨ ᠤ ᠳᠦᠷᠦ ᠶᠢᠨ | ᠪᠤᠳᠤᠯᠭ᠎ᠠ ᠶᠢ ᠵᠢᠭᠠᠬᠤ ᠮᠠᠲ᠋ᠧᠷᠢᠶᠠᠯ ᠳᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ᠂ ᠭᠢᠴᠢᠶᠠᠯ ᠤᠨ | ᠳᠠᠩᠭᠢᠮ ᠳᠤ ᠤᠷᠤᠭᠤᠯᠬᠤ ᠶᠢ ᠠᠭᠢᠭᠤᠯᠵᠤ᠂ ᠤᠯᠤᠰ ᠠᠷᠠᠳ ᠤᠨ ᠰᠤᠷᠭᠠᠨ ᠭᠦᠮᠦᠵᠢᠯ᠂ ᠺᠠᠳ᠋ᠷ ᠤᠨ ᠰᠤᠷᠭᠠᠨ | ᠭᠦᠮᠦᠵᠢᠯ ᠪᠠ ᠨᠡᠶᠢᠭᠡᠮ ᠤᠨ ᠰᠤᠷᠭᠠᠨ ᠭᠦᠮᠦᠵᠢᠯ ᠳᠤ ᠤᠷᠭᠠᠨᠢᠭ ᠢᠶᠠᠷ ᠠᠭᠤᠰᠬᠠᠵᠤ᠂ ᠦᠨᠳᠦᠰᠦᠳᠠᠨ ᠨᠦᠭᠦᠳ ᠤᠨ | ᠺᠠᠳ᠋ᠷ ᠤᠯᠠᠨ ᠳᠦᠮᠨᠨ ᠤ ︽ᠳᠠᠪᠤᠨ ᠵᠦᠪᠰᠢᠶᠡᠷᠡᠭᠦ︾ ᠦᠵᠡᠯ ᠤᠬᠠᠮᠰᠠᠷ ᠢ ᠳᠠᠰᠤᠷᠠᠯᠳᠠ ᠦᠭᠡᠢ ᠴᠢᠩᠭᠠᠳᠬᠪᠠ᠃ | ᠠᠵᠢᠯ ᠤᠨ ᠠᠴᠢᠶᠠᠯᠠᠪᠤᠷᠢ ᠶᠢᠨ ᠰᠢᠨ᠎ᠠ ᠶᠢ ᠡᠬᠦᠳᠦᠨ ᠳᠡᠬᠦᠯᠳᠡᠷᠵᠢᠬᠦᠯᠵᠦ᠂ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠬᠦᠬᠢᠬᠦᠯᠦᠨ ᠰᠠᠶᠢᠰᠢᠶᠡᠬᠤ ᠠᠵᠢᠯᠯᠠᠭ᠎ᠠ ᠶᠢ ᠪᠠᠷᠢᠮᠳᠠᠯᠠᠵᠦ᠂ ᠦᠨᠳᠦᠰᠦᠳᠡᠨ ᠤ ᠪᠠᠶᠠᠷ | ᠲᠤᠷᠠᠰᠬᠠᠯ ᠤᠨ ᠠᠵᠢᠯᠯᠠᠭ᠎ᠠ ᠶᠢᠨ ᠳᠤᠳᠤᠭᠠᠳᠤ ᠠᠭᠤᠯᠬᠤᠨ ᠪᠠ ᠦᠷᠳᠡᠭ ᠢ ᠬᠦᠨᠵᠡᠭᠡᠢ ᠠᠭᠤᠳᠠᠯᠵᠦ᠂ ᠴᠦᠭᠡᠨ | ᠲᠤᠭᠠᠳᠦ ᠦᠨᠳᠦᠰᠦᠳᠡᠨ ᠤ ᠰᠤᠶᠤᠯ ᠤᠷᠠᠯᠢᠭ᠂ ᠪᠠᠶ᠎ᠠ ᠶᠢᠨ ᠲᠠᠮᠢᠷ ᠪᠠ ᠦᠨᠳᠦᠰᠦᠳᠡᠨ ᠤ ᠵᠠᠩ ᠳᠠᠳᠬᠠᠯ ᠵᠡᠷᠭᠡ ᠶᠢ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠪᠠ ᠰᠢᠨ᠎ᠡ ᠶᠢ ᠡᠬᠦᠳᠬᠦ ᠯᠦᠭᠡ ᠨᠢᠭᠡ | ᠴᠤᠭᠴᠠᠵᠢᠭᠤᠯᠪᠠ᠃ ᠵᠦᠷᠢᠶ᠎ᠠ ᠶᠢ ᠬᠦᠨᠳᠦᠳᠭᠡᠵᠦ᠂ ᠤᠯᠠᠨ ᠶᠠᠩᠵᠦ ᠶᠢ ᠪᠠᠭᠳᠠᠭᠠᠭᠰᠠᠨ ᠰᠠᠭᠤᠷᠢᠨ ᠳᠡᠭᠡᠷ᠎ᠠ᠂ | ᠦᠨᠳᠦᠰᠦᠳᠡᠨ ᠨᠦᠭᠦᠳ ᠤᠨ ᠠᠷᠠᠳ ᠲᠦᠮᠡᠨ ᠢ ᠬᠦᠳᠦᠯᠦᠨ ᠳᠠᠭᠠᠭᠤᠯᠵᠦ᠂ ᠦᠨᠳᠦᠰᠦᠳᠡᠨ ᠪᠤᠯᠤᠨ ᠤᠯᠤᠰ᠂ | ᠦᠨᠳᠦᠰᠦᠳᠡᠨ ᠪᠤᠯᠤᠨ ᠦᠨᠳᠦᠰᠦᠳᠡᠨ ᠤ ᠬᠤᠭᠤᠷᠤᠨᠳᠤᠬᠢ ᠠᠰᠢᠬ ᠲᠤᠰᠠ ᠶᠢᠨ ᠬᠠᠷᠢᠴᠠᠭ᠎ᠠ ᠶᠢ ᠰᠠᠶᠢᠳᠤᠷ | ᠰᠢᠢᠳᠪᠤᠷᠢᠯᠡᠵᠦ᠂ ᠦᠨᠳᠦᠰᠦᠳᠡᠨ ᠤ ᠠᠰᠢᠬ ᠲᠤᠰᠠ ᠪᠤᠯᠤᠨ ᠤᠯᠤᠰ ᠤᠨ ᠠᠰᠢᠬ ᠲᠤᠰᠠ᠂ ᠲᠤᠰ | ᠦᠨᠳᠦᠰᠦᠳᠡᠨ ᠤ ᠠᠰᠢᠬ ᠲᠤᠰᠠ ᠪᠤᠯᠤᠨ ᠪᠤᠰᠤᠳ ᠡᠯ᠎ᠠ ᠦᠨᠳᠦᠰᠦᠳᠡᠨ ᠤ ᠠᠰᠢᠬ ᠲᠤᠰᠠ ᠶᠢᠨ ᠬᠠᠷᠢᠴᠠᠭ᠎ᠠ ᠶᠢ | ᠰᠠᠶᠢᠳᠤᠷ ᠰᠢᠢᠳᠪᠤᠷᠢᠯᠡᠵᠦ᠂ ︽ᠭᠤᠷᠪᠠᠨ ᠰᠠᠯᠵᠦ ᠴᠢᠳᠠᠬᠤ ᠦᠭᠡᠢ︾ ᠭᠡᠬᠦ ᠦᠵᠡᠯ ᠰᠠᠨᠠᠭ᠎ᠠ ᠶᠢ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠳᠤ ᠬᠦᠨ ᠬᠠᠳᠠᠩᠰᠢᠭᠤᠯᠵᠦ᠂ ᠠᠮᠢᠰᠬᠤᠭ᠎ᠠ ᠪᠠᠨ | ᠨᠢᠭᠡᠳᠭᠡᠵᠦ᠂ ᠬᠤᠪᠢ ᠵᠠᠶᠠᠭ᠎ᠠ ᠪᠠᠨ ᠬᠠᠮᠳᠤᠳᠬᠠᠵᠦ᠂ ᠰᠡᠳᠬᠢᠯ ᠵᠢᠷᠦᠭᠡ ᠪᠠᠨ ᠬᠤᠯᠪᠤᠭᠰᠠᠨ ᠦᠩᠭᠡ ᠭᠡᠷᠡᠯᠳᠦ | ᠤᠯᠠᠮᠵᠢᠯᠠᠯ ᠢ ᠦᠶ᠎ᠠ ᠶᠢᠨ ᠦᠶ᠎ᠠ ᠳᠤ ᠵᠠᠯᠭᠠᠮᠵᠢᠯᠠᠵᠠᠢ᠃ | 70 ᠵᠢᠯ ᠤᠨ ᠲᠤᠷᠰᠢ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠳᠠ | ᠬᠦᠭᠵᠢᠯᠳᠠ ᠶᠢᠨ ᠠᠮᠵᠢᠯᠳᠠ ᠪᠦᠳᠦᠮᠵᠢ ᠪᠤᠯᠭᠠᠨ ᠨᠢ ᠴᠦᠮ ᠦᠨᠳᠦᠰᠦᠳᠡᠨ ᠨᠦᠭᠦᠳ ᠤᠨ ᠠᠷᠠᠳ ᠲᠦᠮᠡᠨ ᠨᠠᠮ ᠤᠨ | ᠤᠳᠤᠷᠢᠳᠤᠯᠭ᠎ᠠ ᠲᠤᠤᠷ᠎ᠠ ᠨᠢᠬᠳᠠᠷᠡᠨ ᠪᠦᠯᠬᠦᠮᠳᠡᠵᠦ᠂ ᠮᠦᠷᠦ ᠵᠡᠷᠭᠡᠴᠡᠨ ᠡᠷᠡᠯᠭᠡᠭᠯᠡᠨ ᠲᠡᠮᠡᠴᠡᠵᠦ ᠤᠯᠤᠭᠰᠠᠨ ᠶᠤᠮ᠃ | ᠭᠠᠭᠴᠠᠬᠦ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ | ᠪᠠᠶᠢᠭᠤᠯᠤᠯ ᠢ ᠳᠠᠰᠤᠷᠠᠯᠳᠠ ᠦᠭᠡᠢ ᠪᠠᠷᠢᠮᠳᠠᠯᠠᠨ ᠳᠡᠬᠦᠯᠳᠡᠷᠵᠢᠬᠦᠯᠪᠡᠯ ᠰᠠᠶ᠋ᠢ ᠦᠨᠳᠦᠰᠦᠳᠡᠨ ᠨᠦᠭᠦᠳ ᠤᠨ ᠠᠬ᠎ᠠ | ᠲᠡᠬᠦᠦ ᠶᠢᠨ ᠬᠠᠶᠢᠷ᠎ᠠ ᠰᠡᠳᠬᠢᠯᠭᠡ ᠶᠢ ᠪᠠᠳᠤᠯᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠠᠨᠠᠷ ᠤᠨ | ᠦᠷ᠎ᠠ ᠰᠢᠭ ᠨᠢᠬᠳᠠ ᠪᠦᠯᠬᠦᠮᠳᠡᠵᠦ ᠴᠢᠳᠠᠨ᠎ᠠ᠃ ᠪᠢᠳᠠ ᠡᠷᠬᠡᠪᠰᠢ ᠨᠢᠳᠦᠨ ᠴᠡᠴᠡᠭᠡᠢ ᠪᠠᠨ ᠬᠠᠮᠠᠭᠠᠯᠠᠬᠤ ᠰᠢᠬ ᠢᠶᠠᠷ | ᠦᠨᠳᠦᠰᠦᠳᠡᠨ ᠤ ᠪᠦᠯᠬᠦᠮᠳᠡᠯ ᠢ ᠬᠠᠮᠠᠭᠠᠯᠠᠵᠦ᠂ ᠠᠮᠢ ᠨᠠᠰᠤ ᠪᠠᠨ ᠨᠠᠨᠳᠢᠩᠨᠠᠬᠤ ᠰᠢᠬ ᠢᠶᠠᠷ ᠦᠨᠳᠦᠰᠦᠳᠡᠨ ᠤ | ᠪᠦᠯᠬᠦᠮᠳᠡᠯ ᠢ ᠨᠠᠨᠳᠢᠩᠨᠠᠵᠦ᠂ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠤᠨ ᠶᠡᠭᠡ ᠲᠠᠯ᠎ᠠ ᠶᠢ | ᠪᠠᠬᠢᠵᠢᠬᠦᠯᠦᠨ ᠬᠦᠭᠵᠢᠬᠦᠯᠵᠦ᠂ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠤ ᠢᠷᠠᠭᠤ ᠠᠯᠳᠠᠷ ᠢ ᠡᠬᠦᠷᠢᠳᠠ | ᠪᠠᠳᠠᠷᠠᠭᠤᠯᠬᠤ ᠬᠡᠷᠡᠭᠳᠡᠢ᠃ | ᠲᠦᠷᠪᠡ᠂ 70 ᠵᠢᠯ ᠤᠨ ᠲᠤᠷᠰᠢ᠂ ᠪᠢᠳᠠ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠ ᠬᠢᠯᠢ | ᠬᠢᠵᠠᠭᠠᠷ ᠤᠨ ᠠᠮᠤᠷ ᠠᠮᠤᠭᠤᠯᠠᠩ ᠢ ᠬᠠᠮᠠᠭᠠᠯᠠᠬᠤ ᠶᠢ ᠪᠠᠷᠢᠮᠳᠠᠯᠠᠵᠦ᠂ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ | ᠲᠦᠪᠰᠢᠨ ᠲᠤᠭᠳᠠᠭᠤᠨ ᠤ ᠬᠠᠯᠬᠠᠪᠴᠢ ᠶᠢ ᠳᠠᠰᠤᠷᠠᠯᠳᠠ ᠦᠭᠡᠢ ᠪᠠᠬᠢᠵᠢᠬᠦᠯᠪᠡ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠤᠭᠳᠠᠭᠤᠨ ᠪᠤᠯ ᠡᠯ᠎ᠠ ᠲᠦᠷᠦᠯ ᠤᠨ ᠠᠵᠢᠯ ᠦᠢᠯᠡᠰ ᠤᠨ | ᠬᠦᠭᠵᠢᠯᠳᠠ ᠶᠢᠨ ᠤᠷᠢᠳᠠᠯ ᠮᠦᠨ᠂ ᠲᠤᠭᠳᠠᠭᠤᠨ ᠪᠤᠰᠤ ᠪᠤᠯ ᠶᠠᠮᠠᠷᠴᠦ ᠶᠠᠪᠤᠳᠠᠯ ᠢ ᠪᠦᠳᠦᠭᠡᠵᠦ ᠴᠢᠳᠠᠬᠤ ᠦᠭᠡᠢ᠂ | ᠨᠢᠭᠡᠨᠳᠠ ᠤᠯᠤᠭᠰᠠᠨ ᠠᠮᠵᠢᠯᠳᠠ ᠪᠦᠳᠦᠮᠵᠢ ᠪᠠᠨ ᠴᠦ ᠠᠯᠳᠠᠬᠤ ᠪᠤᠯᠤᠨ᠎ᠠ᠃ ᠭᠠᠭᠴᠠᠬᠦ ᠤᠯᠤᠰ ᠲᠦᠪᠰᠢᠨ᠂ | ᠨᠡᠶᠢᠭᠡᠮ ᠲᠤᠭᠳᠠᠭᠤᠨ ᠪᠠᠶᠢᠪᠠᠯ ᠰᠠᠶ᠋ᠢ ᠦᠭᠡᠷᠡᠴᠢᠯᠡᠯᠳᠠ ᠬᠦᠭᠵᠢᠯᠳᠠ ᠶᠢᠨ ᠳᠠᠰᠤᠷᠠᠯᠳᠠ ᠦᠭᠡᠢ ᠠᠬᠢᠬᠤ ᠶᠢ | ᠪᠠᠳᠤᠯᠠᠵᠦ ᠴᠢᠳᠠᠨ᠎ᠠ᠃ ᠤᠷᠳᠤ ᠬᠤᠭᠤᠴᠠᠭᠠᠨ ᠤ ᠲᠤᠷᠰᠢ᠂ ᠪᠢᠳᠠ ᠤᠯᠤᠰ ᠢᠶᠠᠨ ᠬᠠᠶᠢᠷᠠᠯᠠᠬᠤ ᠦᠵᠡᠯ ᠤᠨ ᠵᠤᠷᠢᠭ | ᠰᠠᠨᠠᠭ᠎ᠠ ᠶᠢ ᠶᠡᠭᠡᠪᠡᠷ ᠪᠠᠳᠠᠷᠠᠭᠤᠯᠵᠦ᠂ ᠤᠯᠤᠰ ᠤᠨ ᠨᠢᠭᠡᠳᠦᠯ ᠢ ᠬᠠᠮᠠᠭᠠᠯᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠬᠦᠷᠭᠡᠯᠡᠵᠦ᠂ ᠭᠡᠷ ᠤᠷᠤᠨ ᠢᠶᠠᠨ ᠰᠠᠬᠢᠨ ᠬᠠᠮᠠᠭᠠᠯᠠᠵᠦ᠂ ᠬᠢᠯᠢ | ᠬᠢᠵᠠᠭᠠᠷ ᠢ ᠰᠠᠬᠢᠨ ᠬᠠᠮᠠᠭᠠᠯᠠᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠤᠶᠤᠨ | ᠰᠠᠨᠠᠭᠠᠨ ᠤ ᠭᠡᠷ ᠤᠷᠤᠨ ᠢ ᠰᠠᠬᠢᠨ ᠬᠠᠮᠠᠭᠠᠯᠠᠵᠦ᠂ ᠡᠭᠡ ᠤᠯᠤᠰ ᠤᠨ ᠤᠮᠠᠷᠠᠳᠦ ᠬᠢᠯᠢ ᠶᠢᠨ ᠡᠶ᠎ᠡ ᠵᠤᠬᠢᠴᠠᠩᠭᠤᠢ | ᠲᠤᠭᠳᠠᠭᠤᠨ᠂ ᠤᠷᠳᠤ ᠤᠳᠠᠭᠠᠨ ᠤ ᠠᠮᠤᠷ ᠠᠮᠤᠭᠤᠯᠠᠩ ᠢ ᠪᠡᠶᠡᠯᠡᠬᠦᠯᠵᠡᠢ᠃ | ᠤᠯᠤᠰ ᠤᠨ ᠤᠯᠤᠰ ᠲᠦᠷᠦ ᠶᠢᠨ ᠠᠮᠤᠷ ᠳᠦᠪᠰᠢᠨ ᠢ ᠡᠷᠡᠰ ᠬᠠᠮᠠᠭᠠᠯᠠᠪᠠ᠃ ᠦᠪᠦᠷ ᠮᠤᠩᠭᠤᠯ ᠪᠤᠯ ᠡᠬᠡ | ᠤᠯᠤᠰ ᠤᠨ ︽ᠤᠮᠠᠷᠡᠳᠦ ᠬᠠᠭᠠᠯᠭ᠎ᠠ︾᠂ ᠨᠡᠶᠢᠰᠯᠡᠯ ᠤᠨ ︽ᠤᠨᠠᠭᠤᠯᠢ ᠭᠤᠤᠯ︾᠂ ᠬᠠᠭᠠᠴᠠᠭᠤᠯᠬᠤ ᠶᠢ | ᠡᠰᠡᠷᠬᠦᠴᠡᠬᠦ ᠨᠡᠪᠴᠢᠯᠳᠡ ᠶᠢ ᠡᠰᠡᠷᠬᠦᠴᠡᠬᠦ ᠡᠮᠦᠨ᠎ᠠ ᠹᠷᠤᠨᠲ᠂ ᠤᠯᠤᠰ ᠤᠨ ᠤᠯᠤᠰ ᠳᠦᠷᠦ ᠶᠢᠨ ᠠᠮᠤᠷ ᠳᠦᠪᠰᠢᠨ | ᠪᠡ ᠬᠢᠯᠢ ᠬᠢᠵᠠᠭᠠᠷ ᠤᠨ ᠠᠮᠤᠷ ᠲᠤᠭᠳᠠᠭᠤᠨ ᠢ ᠪᠠᠳᠤᠯᠠᠨ ᠬᠠᠮᠠᠭᠠᠯᠠᠬᠤ ᠬᠦᠨᠳᠦ ᠴᠢᠬᠤᠯᠡ ᠤᠯᠤᠰ ᠳᠦᠷᠦ ᠶᠢᠨ | ᠡᠬᠦᠷᠬᠡ ᠶᠢ ᠡᠬᠦᠷᠬᠡᠯᠡᠵᠦ ᠪᠠᠶᠢᠳᠠᠭ᠃ ᠦᠪᠡᠷᠳᠡᠬᠡᠨ ᠵᠠᠰᠠᠬᠤ ᠤᠷᠤᠨ ᠶᠡᠷᠦ ᠠᠴᠠ ᠤᠯᠤᠰ ᠤᠨ ᠠᠮᠤᠷ ᠳᠦᠪᠰᠢᠨ ᠪᠡ | ᠦᠨᠳᠦᠰᠦᠳᠡᠨ ᠤ ᠪᠦᠯᠬᠦᠮᠳᠡᠯ ᠢ ᠨᠦᠯᠦᠭᠡᠯᠡᠬᠦ ᠠᠰᠠᠭᠤᠳᠠᠯ ᠳᠤ ᠳᠡᠬᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠵᠦ | ᠂ ᠬᠢᠯᠢ ᠶᠢᠨ ᠳᠤᠳᠤᠨ᠎ᠠ ᠭᠠᠳᠠᠨᠠᠬᠢ ᠳᠠᠶᠢᠰᠤᠩᠨᠠᠬᠤ ᠬᠦᠴᠦᠨ ᠤ ︽ᠦᠨᠳᠦᠰᠦᠳᠡᠨ ᠤ ᠠᠰᠠᠭᠤᠳᠠᠯ︾ ᠢ ᠠᠰᠢᠡᠡᠯᠠᠨ | ᠬᠡᠷᠡᠭ ᠡᠳᠦᠬᠦ᠂ ᠨᠡᠪᠴᠢᠯᠳᠡ ᠬᠢᠬᠦ ᠡᠪᠳᠡᠯᠭᠡ ᠬᠢᠬᠦ ᠵᠦᠪ ᠪᠤᠷᠤᠭᠤ ᠶᠢ ᠲᠤᠩᠭᠤᠷᠤᠭᠤᠯᠬᠤ ᠠᠵᠢᠯᠯᠠᠭ᠎ᠠ ᠶᠢ ᠴᠢᠩᠭ᠎ᠠ | ᠰᠡᠷᠬᠡᠶᠢᠯᠡᠵᠦ᠂ ᠦᠨᠳᠦᠰᠦᠳᠡᠨ ᠤ ᠬᠠᠷᠢᠴᠠᠭ᠎ᠠ ᠶᠢ ᠵᠤᠷᠢᠭᠤᠳᠠ ᠵᠠᠪᠰᠠᠷᠳᠠᠭᠤᠯᠬᠤ᠂ ᠦᠨᠳᠦᠰᠦᠳᠡᠨ ᠤ ᠪᠦᠯᠬᠦᠮᠳᠡᠯ ᠢ | ᠡᠪᠳᠡᠭᠰᠡᠨ ᠡᠯ᠎ᠠ ᠳᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ | ᠳᠠᠶᠢᠰᠤᠩᠨᠠᠬᠤ ᠡᠳᠡᠭᠡᠳ ᠲᠠᠢ ᠳᠡᠮᠡᠴᠡᠬᠦ ᠰᠠᠨᠠᠭᠠᠴᠢᠯᠠᠭᠠᠳᠦ ᠪᠠᠶᠢᠷᠢ ᠶᠢ ᠪᠠᠳᠦ ᠪᠠᠬᠢ ᠡᠵᠡᠯᠡᠵᠦ᠂ ᠪᠦᠬᠦ ᠤᠷᠤᠨ ᠤ | ᠨᠡᠶᠢᠬᠡᠮ ᠤᠨ ᠶᠡᠭᠡ ᠳᠠᠯ᠎ᠠ ᠪᠠ ᠡᠶ᠎ᠡ ᠵᠤᠬᠢᠴᠠᠩᠭᠤᠢ ᠳᠤᠭᠳᠠᠭᠤᠨ ᠢ ᠪᠠᠳᠤᠯᠠᠵᠦ ᠴᠢᠳᠠᠭᠰᠠᠨ ᠪᠠᠶᠢᠳᠠᠭ᠃ | ᠬᠢᠯᠢ ᠬᠢᠵᠠᠭᠠᠷ ᠤᠨ ᠠᠮᠤᠷ ᠲᠤᠭᠳᠠᠭᠤᠨ ᠢ ᠦᠨᠡᠨᠬᠦ ᠬᠠᠮᠠᠭᠠᠯᠠᠪᠠ᠃ ᠳᠤᠭᠳᠠᠭᠤᠨ ᠬᠡᠮᠡᠬᠦ ᠡᠨᠡᠬᠦ ᠬᠠᠳᠠᠭᠤ | ᠡᠬᠦᠷᠬᠡ ᠶᠢ ᠡᠷᠡᠰ ᠪᠠᠷᠢᠮᠳᠠᠯᠠᠨ ᠴᠢᠩᠭ᠎ᠠ ᠠᠳᠬᠤᠵᠦ᠂ ᠨᠡᠶᠢᠬᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ | ᠠᠵᠢᠯ ᠤᠨ ᠰᠢᠨ᠎ᠡ ᠶᠢ ᠳᠠᠰᠤᠷᠠᠯᠳᠠ ᠦᠬᠡᠢ ᠡᠬᠦᠳᠴᠦ᠂ ᠪᠦᠬᠦᠯᠢ ᠴᠤᠭᠴᠠᠵᠢᠭᠰᠠᠨ ᠠᠮᠤᠷ ᠢ ᠬᠠᠮᠠᠭᠠᠯᠠᠬᠤ | ᠰᠡᠷᠬᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠤᠯᠠᠨ ᠨᠡᠶᠢᠳᠡ ᠶᠢᠨ ᠠᠮᠤᠷ ᠳᠦᠪᠰᠢᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠨ᠂ ᠦᠨᠳᠦᠰᠦᠨ ᠱᠠᠳᠦᠨ ᠤ ᠠᠮᠤᠷ ᠲᠦᠪᠰᠢᠨ ᠢ ᠡᠬᠦᠳᠦᠨ ᠪᠠᠶᠢᠭᠤᠯᠬᠤ | ᠠᠵᠢᠯᠯᠠᠭ᠎ᠠ ᠶᠢ ᠬᠦᠨᠵᠡᠭᠡᠶᠢᠷᠡᠬᠦᠯᠦᠨ᠎ᠡ᠃ ᠵᠦᠷᠢᠴᠡᠯ ᠵᠢᠭᠤᠷᠭᠠᠨ ᠢ ᠪᠠᠶᠢᠴᠠᠭᠠᠨ ᠵᠤᠬᠢᠴᠠᠭᠤᠯᠬᠤ ᠶᠢ ᠡᠷᠴᠢᠮᠵᠢᠬᠦᠯᠤᠨ᠂ | ᠨᠡᠶᠢᠬᠡᠮ ᠤᠨ ᠳᠤᠭᠳᠠᠭᠤᠨ ᠤ ᠠᠶᠤᠯᠬᠦᠢ ᠶᠢᠨ ᠦᠨᠡᠯᠡᠬᠦ ᠲᠦᠷᠢᠮ ᠢ ᠨᠡᠶᠢᠳᠠᠪᠤᠷᠢᠵᠢᠭᠤᠯᠵᠦ᠂ ᠨᠡᠶᠢᠬᠡᠮ ᠤᠨ ᠠᠰᠢᠭ | ᠳᠤᠰᠠ ᠶᠢᠨ ᠢᠯᠡᠷᠬᠡᠶᠢᠯᠡᠯ᠂ ᠠᠰᠢᠭ ᠳᠤᠰᠠ ᠶᠢᠨ ᠡᠶᠡᠳᠡᠬᠦᠯᠬᠡ ᠪᠡ ᠠᠰᠢᠭ ᠳᠤᠰᠠ ᠶᠢ ᠬᠠᠮᠠᠭᠠᠯᠠᠯᠳᠠ ᠶᠢᠨ | ᠳᠤᠭᠳᠠᠴᠠ ᠶᠢ ᠪᠦᠷᠢᠨᠰᠢᠬᠦᠯᠤᠨ᠂ ᠨᠡᠶᠢᠬᠡᠮ ᠤᠨ ᠵᠤᠷᠢᠴᠡᠯ ᠪᠡ ᠵᠢᠭᠤᠷᠠᠭᠠᠨ ᠢ ᠪᠦᠳᠦᠮᠵᠢᠳᠡᠢ ᠰᠡᠷᠬᠡᠶᠢᠯᠡᠬᠦ ᠪᠡ | ᠰᠢᠢᠳᠪᠤᠷᠢᠯᠡᠪᠡ᠃ ᠬᠢᠯᠢ ᠶᠢ ᠬᠠᠮᠢᠶᠠᠷᠴᠦ ᠬᠢᠯᠢ ᠶᠢ ᠡᠵᠡᠮᠳᠡᠵᠦ ᠬᠢᠯᠢ ᠶᠢ ᠲᠤᠭᠳᠠᠭᠤᠨ ᠪᠠᠶᠢᠯᠭᠠᠬᠤ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠦᠵᠡᠯ ᠰᠠᠨᠠᠭ᠎ᠠ ᠪᠠᠷ ᠬᠢᠯᠢ ᠶᠢ ᠴᠤᠬᠴᠠᠯᠠᠬᠤ᠂ ᠵᠤᠬᠢᠶᠠᠨ ᠪᠠᠶᠢᠭᠤᠯᠤᠯᠳᠠ ᠪᠠᠷ | ᠬᠢᠯᠢ ᠶᠢ ᠪᠠᠬᠢᠵᠢᠬᠦᠯᠬᠦ᠂ ᠠᠷᠠᠳ ᠢ ᠪᠠᠶᠠᠵᠢᠭᠤᠯᠬᠤ ᠪᠠᠷ ᠬᠢᠯᠢ ᠶᠢ ᠮᠠᠨᠳᠤᠭᠤᠯᠬᠤ᠂ ᠬᠠᠪᠰᠤᠷᠤᠨ ᠳᠡᠳᠬᠦᠬᠦ ᠪᠠᠷ | ᠬᠢᠯᠢ ᠶᠢ ᠴᠢᠩᠭᠠᠳᠬᠠᠬᠤ᠂ ᠲᠤᠭᠳᠠᠭᠤᠨ ᠬᠢᠯᠢ ᠶᠢ ᠬᠠᠮᠳᠤᠪᠡᠷ ᠪᠠᠶᠢᠭᠤᠯᠬᠤ ︽ᠬᠢᠯᠢ ᠶᠢᠨ ᠲᠤᠬᠠᠢ ᠲᠠᠪᠤᠨ | ᠠᠵᠢᠯᠯᠠᠭ᠎ᠠ︾ ᠶᠢ ᠯᠠᠪᠳᠠᠭᠤᠨ ᠦᠷᠨᠢᠬᠦᠯᠵᠦ᠂ ᠲᠤᠭᠳᠠᠭᠤᠨ ᠢ ᠬᠠᠮᠠᠭᠠᠯᠠᠬᠤ ᠦᠨᠳᠦᠰᠦᠨ ᠱᠠᠳᠤᠨ ᠤ ᠰᠠᠭᠤᠷᠢ ᠶᠢ | ᠲᠠᠰᠤᠷᠠᠯᠳᠠ ᠦᠭᠡᠢ ᠪᠠᠬᠢᠵᠢᠬᠦᠯᠪᠡ᠃ | ᠬᠠᠤᠯᠢ ᠪᠠᠷ ᠤᠷᠤᠨ ᠢᠶᠠᠨ ᠵᠠᠰᠠᠬᠤ ᠶᠢ ᠯᠠᠪᠳᠠᠭᠤᠨ ᠪᠠᠳᠤᠳᠠᠢ ᠠᠬᠢᠭᠤᠯᠪᠠ᠃ ︽ᠪᠦᠬᠦᠳᠡ ᠨᠠᠶᠢᠷᠠᠮᠳᠠᠬᠤ | ᠳᠤᠮᠳᠠᠳᠦ ᠠᠷᠡᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠬᠠᠤᠯᠢ︾ ᠶᠢ ᠪᠦᠬᠦ ᠳᠠᠯ᠎ᠠ ᠪᠠᠷ | ᠳᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠤᠰ ᠤᠨ ᠬᠠᠤᠯᠢ ᠴᠠᠭᠠᠵᠠ ᠪᠠ ᠵᠠᠰᠠᠭ ᠤᠨ ᠵᠠᠷᠯᠢᠭ ᠬᠡᠷᠡᠭᠵᠢᠬᠦᠯᠬᠦ ᠶᠢ | ᠪᠠᠳᠤᠯᠠᠭᠰᠠᠨ ᠰᠠᠭᠤᠷᠢᠨ ᠳᠡᠬᠡᠷ᠎ᠠ ᠤᠷᠤᠨ ᠨᠤᠳᠤᠭ ᠤᠨ ᠬᠡᠷᠡᠭ ᠵᠠᠪᠤᠳᠠᠯ ᠢ ᠬᠠᠤᠯᠢ ᠪᠠᠷ ᠵᠠᠰᠠᠨ᠎ᠠ᠃ ᠤᠳᠤ ᠪᠠᠷ | ᠬᠡᠷᠡᠭᠵᠢᠬᠦᠯᠵᠦ ᠪᠠᠶᠢᠭ᠎ᠠ ᠤᠷᠤᠨ ᠨᠤᠳᠤᠭ ᠤᠨ ᠴᠢᠨᠠᠷᠳᠡᠢ ᠬᠦᠴᠦᠨ ᠪᠦᠬᠦᠢ ᠬᠠᠤᠯᠢ ᠲᠤᠭᠳᠠᠭᠠᠯ 181᠂ | ᠵᠦᠪᠰᠢᠶᠡᠷᠡᠯ ᠲᠠᠢ ᠤᠷᠤᠨ ᠨᠤᠳᠤᠭ ᠤᠨ ᠴᠢᠨᠡᠷᠳᠡᠢ ᠬᠠᠤᠯᠢ ᠲᠤᠭᠳᠠᠭᠠᠯ ᠪᠡ ᠳᠤᠰᠬᠠᠢ ᠲᠤᠭᠳᠠᠭᠠᠯ 171 ᠪᠠᠶᠢᠵᠦ᠂ | ᠦᠨᠳᠦᠰᠦᠳᠡᠨ ᠤ ᠠᠵᠢᠯ ᠢ ᠴᠢᠩᠭᠠᠳᠬᠠᠬᠤ᠂ ᠮᠠᠯᠵᠢᠬᠤ ᠳᠠᠷᠢᠶᠠᠯᠠᠬᠤ ᠤᠷᠤᠨ ᠤ ᠶᠠᠳᠠᠭᠤ ᠶᠢ ᠳᠡᠳᠬᠦᠵᠦ ᠨᠡᠬᠡᠬᠡᠨ | ᠬᠦᠭᠵᠢᠬᠦᠯᠬᠦ ᠶᠢ ᠠᠬᠢᠭᠤᠯᠬᠤ᠂ ᠬᠦᠮᠦᠨ ᠠᠮᠠ ᠴᠦᠬᠡᠪᠳᠦᠷ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠶᠢ | ᠳᠦᠷᠬᠡᠳᠬᠡᠬᠦ᠂ ᠦᠨᠳᠦᠰᠤᠳᠡᠨ ᠤ ᠰᠤᠶᠤᠯ ᠤᠨ ᠦᠪ ᠢ ᠬᠠᠮᠠᠭᠠᠯᠠᠬᠤ ᠵᠡᠷᠬᠡ ᠳᠠᠯ᠎ᠠ ᠳᠤ ᠰᠢᠷᠢᠰ ᠢᠵᠢ ᠪᠦᠷᠢᠳᠦᠭᠰᠡᠨ | ᠬᠠᠤᠯᠢ ᠲᠤᠭᠳᠠᠭᠠᠯ ᠢ ᠨᠡᠶᠢᠳᠡᠯᠡᠵᠦ᠂ ᠨᠡᠯᠢᠶᠡᠳ ᠪᠦᠷᠢᠨ ᠳᠦᠬᠦᠷ ᠦᠨᠳᠦᠰᠦᠳᠡᠨ ᠤ ᠬᠠᠤᠯᠢ ᠴᠠᠭᠠᠵᠠ ᠬᠠᠤᠯᠢ | ᠲᠤᠭᠳᠠᠭᠠᠯ ᠤᠨ ᠰᠢᠰᠲ᠋ᠧᠮ ᠢ ᠪᠦᠷᠢᠯᠳᠦᠬᠦᠯᠦᠭᠰᠡᠨ ᠶᠤᠮ᠃ ᠬᠠᠤᠯᠢᠵᠢᠯ ᠢ ᠲᠥᠬᠡᠮᠡᠯᠵᠢᠬᠦᠯᠬᠦ ᠤᠬᠠᠭᠤᠯᠭ᠎ᠠ | ᠬᠥᠮᠥᠵᠢᠯ ᠢ ᠥᠷᠭᠡᠨ ᠢᠶᠠᠷ ᠥᠷᠨᠢᠬᠦᠯᠵᠥ᠂ ᠥᠨᠳᠥᠰᠥᠳᠡᠨ ᠨᠦᠭᠦᠳ ᠤᠨ ᠤᠯᠠᠨ ᠲᠥᠮᠨᠨ ᠤ ᠬᠠᠤᠯᠢ ᠴᠠᠭᠠᠵᠠ ᠶᠢᠨ | ᠤᠬᠠᠮᠰᠠᠷ ᠢ ᠬᠥᠴᠥᠯᠡᠨ ᠴᠢᠩᠭᠠᠳᠬᠠᠵᠥ᠂ ᠬᠡᠷᠡᠭ ᠢ ᠰᠢᠢᠳᠪᠤᠷᠢᠯᠡᠬᠦ ᠳᠤ ᠬᠠᠤᠯᠢ ᠶᠢ ᠲᠥᠰᠢᠭᠯᠡᠬᠦ᠂ ᠤᠴᠢᠷ | ᠲᠤᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠤᠷᠢᠯᠡᠬᠦ ᠳᠤ ᠬᠠᠤᠯᠢ ᠶᠢ ᠭᠡᠷᠡᠭᠯᠡᠬᠦ᠂ ᠵᠥᠷᠢᠴᠡᠯ ᠢ | ᠨᠠᠮᠳᠠᠭᠤᠯᠬᠤ ᠳᠤ ᠬᠠᠤᠯᠢ ᠶᠢ ᠲᠥᠰᠢᠭᠯᠡᠬᠦ ᠰᠢᠯᠢᠳᠡᠭ ᠰᠠᠶᠢᠨ ᠤᠷᠴᠢᠨ ᠲᠤᠭᠤᠷᠢᠨ ᠢ ᠪᠥᠷᠢᠯᠳᠥᠬᠦᠯᠵᠡᠢ᠃ ᠬᠠᠤᠯᠢ | ᠴᠠᠭᠠᠵᠠ ᠶᠢᠨ ᠡᠮᠥᠨ᠎ᠠ ᠬᠥᠮᠥᠨ ᠪᠥᠬᠦᠨ ᠡᠷᠭᠡ ᠲᠡᠭᠰᠢ ᠪᠠᠶᠢᠬᠤ ᠶᠢ ᠪᠠᠷᠢᠮᠳᠠᠯᠠᠨ᠂ ᠬᠠᠤᠯᠢᠵᠢᠯ ᠤᠨ ᠰᠡᠳᠬᠢᠬᠦᠢ ᠶᠢ | ᠭᠡᠷᠡᠭᠯᠡᠬᠦ᠂ ᠬᠠᠤᠯᠢᠵᠢᠯ ᠤᠨ ᠠᠷᠭ᠎ᠠ ᠪᠠᠷ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠠᠨ ᠲᠡᠭᠡᠭᠰᠢᠯᠡᠬᠦᠯᠵᠥ᠂ ᠪᠤᠳᠠᠳᠠᠢ | ᠠᠰᠠᠭᠤᠳᠠᠯ ᠳᠤ ᠪᠤᠳᠠᠳᠠᠢ ᠪᠠᠷ ᠬᠠᠨᠳᠤᠬᠤ᠂ ᠶᠠᠮᠠᠷ ᠠᠰᠠᠭᠤᠳᠠᠯ ᠢ ᠶᠠᠮᠠᠷ ᠠᠰᠠᠭᠤᠳᠠᠯ ᠢᠶᠠᠷ ᠨᠢ ᠰᠢᠢᠳᠪᠤᠷᠢᠯᠡᠬᠦ ᠶᠢ | ᠪᠠᠷᠢᠮᠳᠠᠯᠠᠵᠥ᠂ ᠢᠮᠠᠬᠳᠠ ᠬᠠᠤᠯᠢ ᠴᠠᠭᠠᠵᠠ ᠶᠢᠨ ᠬᠥᠷᠢᠶ᠎ᠠ ᠬᠡᠪᠴᠢᠶᠠᠨ ᠲᠤᠳᠤᠷ᠎ᠠ᠂ ᠬᠠᠤᠯᠢᠵᠢᠯ ᠤᠨ ᠵᠠᠮ ᠲᠡᠭᠡᠷ᠎ᠠ | ᠥᠨᠳᠤᠰᠤᠳᠠᠨ ᠤ ᠬᠦᠴᠦᠨ ᠵᠦᠢᠯ ᠳᠤ ᠬᠤᠯᠪᠤᠭᠳᠠᠭᠰᠠᠨ ᠠᠰᠠᠭᠤᠳᠠᠯ ᠢ ᠰᠢᠢᠳᠪᠤᠷᠢᠯᠡᠵᠥ᠂ ᠡᠭᠡ ᠤᠯᠤᠰ ᠤᠨ | ᠤᠮᠠᠷᠠᠳᠤ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ ᠶᠢ ᠴᠢᠨᠠᠭᠰᠢᠳᠠ ᠪᠠᠬᠢᠵᠢᠬᠦᠯᠵᠡᠢ᠃ | ᠤᠯᠤᠰ ᠤᠨ ᠠᠮᠤᠷ ᠲᠥᠪᠰᠢᠨ ᠪᠤᠯᠤᠨ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠪᠤᠯ | ᠥᠨᠳᠥᠰᠥᠳᠠᠨ ᠨᠦᠭᠦᠳ ᠤᠨ ᠠᠵᠠ ᠵᠢᠷᠭᠠᠯ ᠠᠮᠤᠷ ᠠᠮᠤᠭᠤᠯᠠᠩ ᠠᠵᠤ ᠲᠥᠷᠥᠬᠦ ᠶᠢᠨ ᠰᠠᠭᠤᠷᠢ᠂ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠵᠢᠯ ᠥᠢᠯᠡᠰ ᠤᠨ ᠴᠢᠬᠤᠯᠠ ᠪᠠᠳᠤᠯᠠᠭ᠎ᠠ ᠪᠤᠯᠬᠤ ᠶᠤᠮ᠃ | ᠥᠪᠥᠷ ᠮᠤᠩᠭᠤᠯ ᠬᠢᠯᠢ ᠬᠢᠵᠠᠭᠠᠷ ᠤᠷᠤᠨ ᠤ ᠥᠨᠳᠥᠰᠥᠳᠠᠨ ᠤ ᠥᠪᠡᠷᠳᠡᠭᠡᠨ ᠵᠠᠰᠠᠬᠤ ᠤᠷᠤᠨ ᠪᠤᠯᠤᠬᠰᠠᠨ ᠤ | ᠬᠤᠪᠢ ᠳᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠪᠠ ᠬᠢᠯᠢ ᠬᠢᠵᠠᠭᠠᠷ ᠤᠨ ᠠᠮᠤᠷ ᠲᠤᠬᠳᠠᠭᠤᠨ ᠢ | ᠬᠠᠮᠠᠭᠠᠯᠠᠬᠤ ᠴᠢᠬᠤᠯᠠ ᠬᠠᠷᠢᠭᠤᠴᠠᠯᠭ᠎ᠠ ᠶᠢ ᠵᠠᠪᠠᠯ ᠡᠬᠦᠷᠭᠡᠯᠡᠬᠦ ᠭᠡᠷᠡᠭᠳᠠᠢ᠃ ᠪᠢᠳᠠ ᠶᠡᠷᠥᠩᠭᠡᠢ ᠱᠥᠵᠢ ᠰᠢ ᠶᠢᠨ | ᠫᠢᠡᠭ ᠤᠨ ︽ᠥᠪᠥᠷ ᠮᠤᠩᠭᠤᠯ ᠢᠶᠠᠨ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ | ᠪᠤᠯᠭᠠᠨ ᠪᠥᠳᠥᠭᠡᠨ ᠪᠠᠶᠢᠭᠤᠯᠬᠤ ᠭᠡᠷᠡᠭᠳᠠᠢ︾ ᠬᠡᠰᠡᠨ ᠲᠤᠳᠤᠨᠤ ᠬᠥᠰᠡᠯ ᠨᠠᠶᠢᠳᠠᠯᠭ᠎ᠠ ᠶᠤᠰᠤᠭᠠᠷ᠂ ᠨᠡᠶᠢᠭᠡᠮ ᠤᠨ | ᠲᠤᠬᠳᠠᠭᠤᠨ ᠢ ᠬᠠᠮᠠᠭᠠᠯᠠᠬᠤ᠂ ᠬᠢᠯᠢ ᠬᠢᠵᠠᠭᠠᠷ ᠤᠷᠤᠨ ᠤ ᠠᠮᠤᠷ ᠲᠤᠬᠳᠠᠭᠤᠨ ᠢ ᠬᠠᠮᠠᠭᠠᠯᠠᠬᠤ ᠴᠢᠬᠤᠯᠠ | ᠬᠠᠷᠢᠭᠤᠴᠠᠯᠭ᠎ᠠ ᠶᠢ ᠨᠠᠩ ᠡᠷᠡᠰ ᠪᠠᠳᠤ ᠤᠬᠠᠮᠰᠠᠷ ᠠᠴᠠ ᠪᠠᠨ ᠰᠠᠶᠢᠳᠤᠷ ᠬᠥᠢᠴᠡᠳᠭᠡᠵᠥ᠂ | ᠥᠨᠳᠥᠰᠥᠳᠠᠨ ᠨᠦᠭᠦᠳ ᠤᠨ ᠠᠷᠠᠳ ᠲᠥᠮᠠᠨ ᠢ ᠨᠢᠬᠡ ᠰᠢᠵᠢᠮ ᠲᠡᠭᠡᠷ᠎ᠠ ᠨᠢᠬᠳᠠᠷᠠᠭᠤᠯᠵᠥ᠂ ᠡᠭᠡ ᠤᠯᠤᠰ ᠤᠨ | ᠤᠮᠠᠷᠠᠳᠤ ᠬᠢᠯᠢ ᠪᠠᠨ ᠬᠠᠮᠳᠤᠪᠡᠷ ᠰᠠᠶᠢᠳᠤᠷ ᠰᠠᠬᠢᠵᠥ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠳᠤᠪᠠᠷ ᠡᠬᠦᠳᠤᠨ | ᠪᠥᠳᠥᠭᠡᠬᠦ ᠭᠡᠷᠡᠭᠳᠠᠢ᠃ | 70 ᠵᠢᠯ ᠡᠷᠡᠮᠡᠭᠡᠶᠢᠯᠡᠨ ᠤᠷᠤᠬᠰᠢᠯᠡᠪᠠᠢ᠂ ᠰᠢᠨ᠎ᠠ ᠭᠠᠷᠤᠭ᠎ᠠ ᠲᠡᠭᠡᠷ᠎ᠠ ᠲᠠᠬᠢᠨᠳᠠ ᠭᠡᠷᠡᠯ ᠰᠠᠴᠤᠷᠠᠩᠭᠤᠢ | ᠬᠠᠭᠤᠳᠠᠰᠤ ᠶᠢ ᠪᠢᠴᠢᠭᠯᠡᠰᠥᠭᠡᠢ᠃ ᠨᠡᠶᠢᠭᠡᠮ ᠵᠢᠷᠤᠮ ᠤᠨ ᠤᠳᠤᠬᠢᠴᠢᠯᠠᠬᠰᠠᠨ ᠥᠪᠥᠷ ᠮᠤᠩᠭᠤᠯ ᠢ ᠪᠥᠳᠥᠭᠡᠨ | ᠪᠠᠶᠢᠭᠤᠯᠬᠤ ᠠᠶᠠᠨ ᠵᠠᠮ ᠳᠤ᠂ ᠪᠢᠳᠠ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠤᠭᠤᠷᠢᠨ ᠳᠤ ᠨᠠᠩ ᠨᠢᠬᠳᠠᠷᠠᠨ ᠪᠥᠯᠬᠦᠮᠳᠡᠵᠥ᠂ ᠲᠤᠮᠳᠠᠳᠤ ᠤᠯᠤᠰ ᠤᠨ ᠤᠨᠴᠠᠯᠢᠬᠳᠤ | ᠥᠨᠳᠥᠰᠥᠳᠠᠨ ᠤ ᠠᠰᠠᠭᠤᠳᠠᠯ ᠢ ᠰᠢᠢᠳᠪᠤᠷᠢᠯᠡᠬᠦ ᠵᠥᠪ ᠤᠨᠤᠪᠴᠢᠳᠠᠢ ᠵᠠᠮ ᠢᠶᠠᠷ ᠡᠷᠡᠰ ᠭᠤᠶᠢᠪᠢᠰᠢ ᠥᠬᠡᠢ ᠵᠠᠮᠨᠠᠵᠥ᠂ | ᠥᠨᠳᠥᠰᠥᠳᠠᠨ ᠤ ᠤᠷᠤᠨ ᠤ ᠥᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠬᠤ ᠪᠠ ᠲᠡᠬᠦᠯᠳᠡᠷᠵᠢᠬᠦᠯᠵᠥ᠂ ᠨᠠᠮ ᠤᠨ | ᠥᠨᠳᠥᠰᠥᠳᠠᠨ ᠤ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠡᠷᠭᠡ | ᠲᠡᠭᠰᠢ ᠪᠥᠯᠬᠦᠮᠳᠠᠯ ᠲᠠᠢ ᠬᠠᠷᠢᠯᠴᠠᠨ ᠬᠠᠪᠰᠤᠷᠠᠯᠴᠠᠭᠰᠠᠨ ᠡᠶ᠎ᠡ ᠵᠤᠬᠢᠴᠠᠩᠭᠤᠢ ᠨᠡᠶᠢᠭᠡᠮ ᠵᠢᠷᠤᠮ ᠤᠨ ᠥᠨᠳᠥᠰᠥᠳᠠᠨ ᠤ | ᠬᠠᠷᠢᠴᠠᠭ᠎ᠠ ᠶᠢ ᠲᠠᠰᠤᠷᠠᠯᠳᠠ ᠥᠬᠡᠢ ᠪᠠᠬᠢᠵᠢᠬᠦᠯᠬᠦ ᠪᠠ ᠬᠥᠭᠵᠢᠬᠦᠯᠵᠥ᠂ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠵᠥ᠂ ᠪᠥᠯᠬᠦᠮᠳᠡᠨ ᠲᠡᠮᠡᠴᠡᠵᠥ᠂ ᠴᠤᠴᠠᠯᠳᠠ ᠥᠬᠡᠢ ᠤᠷᠤᠬᠰᠢᠯᠠᠨ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠡᠶᠡᠯᠡᠬᠦᠯᠬᠦ ᠠᠭᠤᠤ ᠶᠡᠭᠡ ᠢᠯᠡᠯᠳᠠ ᠶᠢ ᠲᠡᠮᠡᠴᠡᠨ ᠤᠯᠵᠥ᠂ ᠡᠭᠡ ᠤᠯᠤᠰ ᠤᠨ ᠤᠮᠠᠷᠠᠳᠤ ᠶᠢᠨ ᠡᠨᠡᠬᠦ | ᠥᠵᠡᠮᠵᠢ ᠶᠢᠨ ᠤᠷᠤᠨ ᠢᠶᠠᠨ ᠨᠠᠩ ᠥᠵᠡᠰᠬᠦᠯᠡᠩᠳᠤ ᠰᠠᠶᠢᠬᠠᠨ ᠪᠤᠯᠭᠠᠨ ᠴᠤᠬᠴᠠᠯᠠᠵᠥ᠂ ᠲᠤᠮᠳᠠᠳᠤ ᠶᠢᠨ | ᠥᠨᠳᠥᠰᠥᠳᠠᠨ ᠨᠦᠭᠦᠳ ᠨᠢᠬᠡ ᠬᠡᠷ ᠪᠥᠯᠢ ᠮᠡᠳᠦ ᠲᠤᠳᠤᠨᠤ ᠪᠠᠶᠢᠵᠤ᠂ ᠲᠤᠮᠳᠠᠳᠤ ᠶᠢᠨ ᠵᠡᠬᠦᠳᠤ ᠪᠠᠨ ᠰᠡᠳᠬᠢᠯ | ᠨᠢᠬᠡᠳᠤᠨ ᠬᠠᠮᠳᠤᠪᠠᠷ ᠲᠡᠷᠭᠡᠯᠰᠢᠬᠦᠯᠬᠦ ᠳᠤ ᠨᠠᠩ ᠶᠡᠭᠡ ᠬᠤᠪᠢ ᠨᠡᠮᠡᠷᠢ ᠥᠵᠡᠬᠦᠯᠰᠥᠭᠡᠢ︕ |