ᠪᠦᠬᠦ ᠤᠷᠤᠨ ᠤ ᠡᠯᠧᠺᠲᠷᠤᠠ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠠᠵᠢᠯ ᠤᠨ ᠲᠤᠬᠠᠢ ᠶᠢᠨ ᠭᠠᠵᠠᠷ ᠤᠨ ᠬᠤᠷᠠᠯ ᠬᠤᠷᠠᠯᠳᠤᠵᠤ  ᠠᠢ ᠯᠢ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2017/8/17
     8 ᠳ᠋ᠤᠭᠠᠷ ᠰᠠᠷ᠎ᠠ ᠶᠢᠨ 14᠎ ᠤ ᠡᠳᠦᠷ᠂ ᠪᠦᠬᠦ ᠤᠷᠤᠨ ᠤ ᠡᠯᠧᠺᠲᠷᠤᠠ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠠᠵᠢᠯ ᠤᠨ ᠲᠤᠬᠠᠢ ᠶᠢᠨ ᠭᠠᠵᠠᠷ ᠤᠨ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠠᠢ ᠯᠢ ᠬᠤᠸᠠ᠂ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠠ ᠬᠤᠳᠠᠯᠳᠤᠭ᠎ᠠ ᠨᠢ ᠨᠢᠭᠡ ᠵᠦᠢᠯ ᠤᠨ ᠰᠢᠨ᠎ᠡ ᠪᠠᠷ ᠬᠦᠭᠵᠢᠵᠥ ᠪᠠᠶᠢᠭ᠎ᠠ ᠠᠵᠤ ᠦᠢᠯᠡᠰ ᠪᠤᠯᠤᠭᠰᠠᠨ ᠤ ᠬᠤᠪᠢ ᠳᠤ᠂ ᠬᠦᠳᠡᠭᠡ ᠲᠤᠰᠬᠤᠨ ᠤ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ ᠶᠢ ᠬᠤᠪᠢᠷᠠᠭᠤᠯᠬᠤ ᠴᠢᠬᠤᠯᠠ ᠠᠭᠤᠯᠭ᠎ᠠ ᠪᠤᠯᠬᠤ ᠪᠠᠷ ᠪᠠᠷᠠᠬᠤ ᠦᠬᠡᠢ ᠮᠦᠨᠴᠦ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠠᠵᠢᠯ ᠤᠨ ᠴᠢᠬᠤᠯᠠ ᠠᠴᠢᠶᠠᠯᠠᠪᠤᠷᠢ᠂ ᠨᠠᠩ ᠴᠤ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠭᠤᠤᠯᠳᠠᠯᠭ᠎ᠠ ᠲᠠᠢ ᠢᠨᠵᠧᠨᠧᠷᠢᠩ ᠪᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠵᠥ᠂ ᠰᠢᠨ᠎ᠡ ᠶᠢ ᠡᠭᠦᠳᠤᠨ ᠬᠦᠭᠵᠢᠬᠦᠯᠬᠦ ᠦᠨᠳᠤᠷᠴᠠ ᠠᠴᠠ ᠤᠯᠤᠰ ᠤᠨ ᠲᠦᠷᠦ ᠶᠢᠨ ᠪᠤᠳᠤᠯᠭ᠎ᠠ ᠪᠠᠷ ᠲᠡᠮᠵᠢᠬᠦ᠂ ᠵᠠᠬ᠎ᠠ ᠲᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠶᠢ ᠦᠷᠬᠡᠳᠬᠡᠬᠦ᠂ ᠦᠨᠳᠤᠰᠤᠠ ᠨᠦᠬᠦᠴᠠᠯ ᠢ ᠰᠠᠶᠢᠵᠢᠷᠠᠭᠤᠯᠬᠤ ᠠᠵᠠ ᠲᠤᠬᠢᠶᠠᠯ ᠢ ᠡᠵᠡᠮᠳᠠᠠ᠂ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢᠨ ᠬᠦᠭᠵᠢᠯᠳᠠ ᠶᠢ ᠪᠦᠬᠦ ᠬᠦᠴᠦᠠ ᠢᠶᠠᠷ ᠢᠶᠠᠨ ᠠᠬᠢᠭᠤᠯᠬᠤ ᠬᠡᠷᠡᠭᠳᠡᠢ᠃ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢ ᠬᠦᠭᠵᠢᠬᠦᠯᠬᠦ ᠬᠡᠷᠡᠭᠯᠡᠭᠡ ᠶᠢᠨ ᠲᠦᠪᠰᠢᠠ ᠢ ᠲᠡᠰᠤᠷᠠᠯᠳᠠ ᠦᠬᠡᠢ ᠲᠡᠬᠡᠭᠰᠢᠯᠡᠬᠦᠯᠵᠥ᠂ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢᠨ ᠬᠦᠭᠵᠢᠯᠳᠠ ᠶᠢᠨ ᠦᠢᠯᠡᠴᠢᠯᠡᠭᠡ ᠶᠢᠨ ᠰᠢᠰᠲ᠋ᠧᠮ ᠤᠨ ᠪᠦᠷᠢᠯᠳᠦᠴᠠ ᠶᠢ ᠲᠦᠷᠬᠡᠳᠬᠡᠡ᠂ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢ ᠬᠦᠭᠵᠢᠬᠦᠯᠬᠦ ᠰᠠᠭᠤᠷᠢ ᠲᠦᠬᠦᠬᠡᠷᠦᠮᠵᠢ ᠶᠢ ᠲᠠᠰᠤᠷᠠᠯᠲᠠ ᠦᠭᠡᠢ ᠲᠡᠬᠦᠯᠳᠠᠷᠵᠢᠬᠦᠯᠤᠠ᠂ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢ ᠬᠦᠭᠵᠢᠬᠦᠯᠬᠦ ᠵᠠᠬ᠎ᠠ ᠲᠡᠯᠬᠡᠬᠦᠷ ᠤᠨ ᠭᠤᠤᠯ ᠴᠤᠭᠴᠠ ᠶᠢ ᠢᠳᠡᠪᠬᠢᠳᠠᠢ ᠪᠤᠢ ᠪᠤᠯᠭᠠᠵᠥ᠂ ᠦᠪᠡᠷᠲᠡᠭᠡᠨ ᠵᠠᠰᠠᠬᠤ ᠤᠷᠤᠨ ᠤ ᠮᠠᠯ ᠠᠵᠥ ᠠᠬᠤᠢ ᠲᠡᠷᠢᠶᠠᠯᠠᠩ ᠦᠢᠯᠡᠳᠪᠤᠷᠢᠯᠠᠯ ᠢ ᠲᠡᠰ ᠲᠡᠪᠰᠢᠬᠦᠯᠬᠦ᠂ ᠮᠠᠯᠵᠢᠬᠤ ᠲᠡᠷᠢᠶᠠᠯᠠᠬᠤ ᠤᠷᠤᠠ ᠤ ᠬᠦᠭᠵᠢᠯᠳᠠ᠂ ᠮᠠᠯᠴᠢᠠ ᠲᠡᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ      ᠬᠤᠷᠠᠯ ᠤᠨ ᠬᠤᠭᠤᠴᠠᠭᠠᠨ ᠳᠤ᠂ ᠭᠤᠤᠯᠯᠠᠨ ᠡᠷᠬᠢᠯᠡᠭᠰᠡᠨ ᠡᠳᠡᠭᠡᠳ ᠠᠴᠠ ᠪᠠᠰᠠ ᠪᠦᠬᠦ ᠤᠯᠤᠰ ᠤᠨ ᠲᠡᠷᠢᠶᠠᠯᠠᠩ ᠬᠤᠳᠠᠯᠳᠤᠭ᠎ᠠ ᠶᠢᠨ ᠢᠨᠲ᠋ᠧᠷ ᠰᠦᠯᠵᠢᠶ᠎ᠠ ᠶᠢᠨ ︵ᠦᠪᠤᠷ ᠮᠤᠩᠭᠤᠯ︶ ᠦᠢᠯᠡᠳᠪᠤᠷᠢᠯᠠᠯ ᠪᠤᠷᠤᠯᠠᠭᠤᠯᠭ᠎ᠠ ᠶᠢ ᠵᠤᠯᠭᠠᠯᠴᠠᠭᠤᠯᠬᠤ ᠬᠤᠷᠠᠯ ᠵᠢᠴᠢ ᠮᠠᠯᠵᠢᠬᠤ ᠲᠡᠷᠢᠶᠠᠯᠠᠬᠤ ᠤᠷᠤᠠ ᠤ ᠡᠯᠧᠺᠲᠷᠤᠠ ᠬᠤᠳᠠᠯᠳᠤᠭ᠎ᠠ ᠶᠢᠨ ︵ᠪᠠᠶᠠᠠᠨᠠᠭᠤᠷ︶ ᠦᠨᠳᠦᠷ ᠲᠦᠪᠰᠢᠨ ᠤ ᠶᠠᠷᠢᠯᠴᠠᠭᠠᠨ ᠤ ᠲᠠᠪᠴᠠᠩ᠂ ᠦᠪᠦᠷ ᠮᠤᠩᠭᠤᠯ ᠤᠨ ᠪᠤᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠲᠡᠬᠦᠨ ︵ᠪᠠᠶᠠᠨᠨᠠᠭᠤᠷ︶ ᠤᠯᠠᠨ ᠤᠯᠤᠰ ᠤᠨ ᠦᠵᠡᠰᠭᠦᠯᠡᠩ ᠵᠡᠷᠭᠡ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号