ᠤᠯᠠᠭᠠᠨᠴᠠᠪ ᠬᠤᠲᠠ ᠶᠢᠨ ᠲᠠᠯ᠎ᠠ ᠨᠤᠲᠤᠭ ᠤᠨ ᠴᠠᠷᠴᠠᠬᠠᠶ ᠰᠡᠷᠭᠡᠶᠢᠯᠡᠨ ᠵᠠᠰᠠᠬᠤ ᠠᠵᠢᠯ ᠦᠷᠭᠦᠯᠵᠢᠯᠡᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2017/8/2
     ᠡᠨᠡ ᠵᠢᠯ ᠠᠴᠠ ᠨᠠᠰᠢ᠂ ᠤᠯᠠᠭᠠᠨᠴᠠᠪ ᠬᠤᠲᠠ ᠶᠢᠨ 499.33 ᠲᠦᠮᠡᠨ ᠮᠦ ᠲᠠᠯ᠎ᠠ ᠨᠤᠲᠤᠭ ᠴᠠᠷᠴᠠᠬᠠᠢ ᠶᠢᠨ ᠬᠦᠨᠦᠭᠡᠯ ᠳᠤ ᠤᠴᠠᠷᠠᠵᠤ᠂ ᠬᠦᠨᠳᠦ ᠨᠤᠴᠢᠲᠠᠢ ᠬᠦᠨᠦᠭᠡᠭᠳᠡᠭᠰᠡᠨ ᠲᠠᠯᠠᠪᠠᠢ ᠨᠢ 304.5 ᠲᠦᠮᠡᠨ ᠮᠦ ᠳᠤ ᠬᠦᠷᠴᠦ᠂ ᠳᠤᠮᠳᠠᠴᠢ ᠬᠤᠷᠤᠬᠠᠢ ᠶᠢᠨ ᠨᠢᠭᠲᠠᠴᠠ ᠲᠡᠭᠰᠢ ᠳᠦᠷᠪᠡᠯᠵᠢᠨ ᠮᠧᠲᠷ ᠪᠦᠷᠢ 19.2 ᠪᠤᠯᠵᠤ᠂ ᠬᠠᠮᠤᠭ ᠤᠨ ᠰᠦᠷᠡᠬᠡᠢ ᠬᠤᠷᠤᠬᠠᠢ ᠶᠢᠨ ᠨᠢᠭᠲᠠᠴᠠ ᠲᠡᠭᠰᠢ ᠳᠦᠷᠪᠡᠯᠵᠢᠨ ᠮᠧᠲᠷ ᠪᠦᠷᠢ 86 ᠪᠤᠯᠵᠤ᠂ ᠦᠰᠦᠨ ᠬᠦᠯᠲᠦ ᠴᠠᠷᠴᠠᠬᠠᠶ᠂ ᠴᠠᠭᠠᠨ ᠴᠤᠬᠤᠲᠤ ᠴᠠᠷᠴᠠᠬᠠᠶ᠂ ᠴᠠᠭᠠᠷᠢᠭ ᠵᠤᠷᠪᠤᠰᠲᠤ ᠴᠠᠷᠴᠠᠬᠠᠶ᠂ ᠠᠽᠢᠶ᠎ᠠ ᠴᠠᠷᠴᠠᠬᠠᠶ ᠪᠠᠷ ᠭᠤᠤᠯᠯᠠᠵᠠᠢ᠂ ᠭᠤᠤᠯᠳᠠᠭᠤ ᠲᠦᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠵᠦᠸᠧᠽᠢ ᠰᠢᠶᠠᠨ ᠵᠡᠷᠭᠡ ᠬᠤᠰᠢᠭᠤ ᠰᠢᠶᠠᠨ ᠳᠤ ᠡᠭᠦᠰᠴᠦ᠂ ᠪᠤᠰᠤᠳ ᠬᠤᠰᠢᠭᠤ ᠰᠢᠶᠠᠨ ᠳᠤ ᠪᠠᠰᠠ ᠠᠳᠠᠯᠢ ᠪᠤᠰᠤ ᠬᠡᠮᠵᠢᠶᠡᠨ ᠤ ᠬᠦᠨᠦᠭᠡᠯ ᠡᠭᠦᠰᠴᠡᠢ᠃ ᠤᠳᠤᠬᠠᠨ ᠪᠤᠯᠲᠠᠯ᠎ᠠ᠂ ᠨᠡᠶᠢᠲᠡ 259.9 ᠲᠦᠮᠡᠨ ᠮᠦ ᠭᠠᠵᠠᠷ ᠲᠠᠯᠠᠪᠠᠢ ᠶᠢᠨ ᠴᠠᠷᠴᠠᠬᠠᠢ ᠶᠢᠨ ᠬᠦᠨᠦᠭᠡᠯ ᠢ ᠵᠠᠰᠠᠵᠠᠢ᠂ ᠡᠭᠦᠨ ᠳᠤ ᠠᠮᠢᠳᠤ ᠪᠤᠳᠠᠰ ᠢᠶᠠᠷ ᠰᠡᠷᠭᠡᠶᠢᠯᠡᠨ ᠵᠠᠰᠠᠭᠰᠠᠨ ᠲᠠᠯᠠᠪᠠᠢ ᠨᠢ 250.2 ᠲᠦᠮᠡᠨ ᠮᠦ᠂ ᠬᠢᠮᠢ ᠪᠠᠷ ᠰᠡᠷᠭᠡᠶᠢᠯᠡᠨ ᠵᠠᠰᠠᠭᠰᠠᠨ ᠲᠠᠯᠠᠪᠠᠢ ᠨᠢ 9.7 ᠲᠦᠮᠡᠨ ᠮᠦ ᠪᠠᠶᠢᠨ᠎ᠠ᠃ ᠲᠤᠮᠤ ᠬᠡᠯᠪᠡᠷᠢ ᠶᠢᠨ ᠰᠦᠷᠴᠢᠭᠦᠷ ᠮᠠᠰᠢᠨ 1043 ᠰᠠᠭᠤᠷᠢ᠂ ᠳᠤᠮᠳᠠ ᠪᠠᠭ᠎ᠠ ᠬᠡᠯᠪᠡᠷᠢ ᠶᠢᠨ ᠰᠦᠷᠴᠢᠭᠦᠷ ᠮᠠᠰᠢᠨ 7022 ᠰᠠᠭᠤᠷᠢ ᠬᠦᠳᠡᠯᠭᠡᠨ᠂ 8179 ᠬᠦᠮᠦᠨ ᠤᠳᠠᠭ᠎ᠠ ᠤᠷᠤᠯᠴᠠᠵᠤ ᠂ 105.218 ᠳᠦ᠋ᠨ ᠬᠤᠷᠤᠬᠠᠢ ᠰᠡᠷᠭᠡᠶᠢᠯᠡᠬᠦ ᠡᠮ ᠢ ᠰᠦᠷᠴᠢᠵᠡᠢ᠃ ᠤᠳᠤᠬᠠᠨ ᠳᠤ ᠪᠦᠬᠦ ᠬᠤᠲᠠ ᠶᠢᠨ ᠲᠠᠯ᠎ᠠ ᠨᠤᠲᠤᠭ ᠤᠨ ᠴᠠᠷᠴᠠᠬᠠᠢ ᠶᠢ ᠰᠡᠷᠭᠡᠶᠢᠯᠡᠨ ᠵᠠᠰᠠᠬᠤ ᠠᠵᠢᠯ ᠮᠦᠨᠬᠦ ᠪᠠᠴᠢᠮ ᠶᠠᠭᠠᠷᠠᠯᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号