ᠪᠦᠬᠦ ᠤᠯᠤᠰ ᠤᠨ ᠳᠦᠷᠪᠡ ᠵᠢᠷᠭᠤᠳᠤᠭᠠᠷ ᠳᠡᠰ ᠤᠨ ᠰᠢᠯᠭᠠᠯᠲᠠ ᠶᠢᠨ ᠬᠢᠷᠢ ᠪᠦᠲᠦᠮᠵᠢ ᠶᠢ 22᠎ ᠤ ᠡᠳᠦᠷ ᠪᠠᠶᠢᠴᠠᠭᠠᠨ ᠯᠠᠪᠯᠠᠵᠤ ᠪᠣᠯᠤᠨ᠎ᠠ
ᠨᠡᠶᠢᠲᠡᠯᠡᠭᠰᠡᠨ ᠴᠠᠭ᠄
2017/8/21
     2017 ᠣᠨ ᠤ ᠳᠡᠭᠡᠳᠦ ᠬᠠᠭᠠᠰ ᠵᠢᠯ ᠳᠤ ᠪᠤᠯᠤᠭᠰᠠᠨ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ᠂ ᠵᠢᠷᠭᠤᠳᠤᠭᠠᠷ ᠳᠡᠰ ᠤᠨ ᠰᠢᠯᠭᠠᠯᠲᠠ ︵CET︶᠎ ᠶᠢᠨ ᠬᠢᠷᠢ ᠪᠦᠲᠦᠮᠵᠢ ︵ᠶᠠᠷᠢᠶᠠᠨ ᠤ ᠬᠡᠯᠡᠨ ᠤ ᠬᠢᠷᠢ ᠪᠦᠲᠦᠮᠵᠢ ᠪᠠᠭᠲᠠᠨ᠎ᠠ︶᠎ ᠶᠢ 8 ᠳ᠋ᠤᠭᠠᠷ ᠰᠠᠷ᠎ᠠ ᠶᠢᠨ 22᠎ ᠤ ᠡᠳᠦᠷ ᠨᠡᠶᠢᠲᠡᠯᠡᠨ᠎ᠡ᠂ ᠲᠤᠬᠠᠶ ᠶᠢᠨ ᠴᠠᠭ ᠲᠤ ᠰᠢᠯᠭᠠᠭᠤᠯᠤᠭᠴᠢᠳ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠦᠪ ᠤᠨ ᠶᠡᠷᠦᠩᠬᠡᠶᠢᠯᠡᠨ ᠪᠠᠶᠢᠴᠠᠭᠠᠨ ᠯᠠᠪᠯᠠᠬᠤ ᠰᠦᠯᠵᠢᠶ᠎ᠡ ᠪᠤᠶᠤ ᠳᠤᠮᠳᠠᠳᠤ ᠤᠯᠤᠰ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠬᠢᠷᠢ ᠪᠦᠲᠦᠮᠵᠢ ᠪᠠᠨ ᠯᠠᠪᠯᠠᠵᠤ ᠪᠤᠯᠤᠨ᠎ᠠ᠃      ᠲᠠᠨᠢᠯᠴᠠᠭᠤᠯᠤᠭᠰᠠᠨ ᠢᠶᠠᠷ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ 220 ᠬᠤᠪᠢ ᠠᠴᠠ ᠳᠣᠣᠷ᠎ᠠ ᠪᠤᠯ᠂ ᠪᠠᠶᠢᠴᠠᠭᠠᠨ ᠯᠠᠪᠯᠠᠬᠤ ᠰᠢᠰᠲ᠋ᠧᠮ ᠳᠤ ᠬᠢᠷᠢ ᠪᠦᠲᠦᠮᠵᠢ ᠨᠢ 0 ᠬᠤᠪᠢ ᠪᠠᠷ ᠢᠯᠡᠷᠡᠬᠦ ᠪᠤᠯᠤᠨ᠎ᠠ︔ ᠬᠡᠷᠪᠡ ᠰᠢᠯᠭᠠᠭᠤᠯᠤᠭᠴᠢᠳ ᠬᠢᠷᠢ ᠪᠦᠲᠦᠮᠵᠢ ᠳᠡᠭᠡᠨ ᠰᠡᠵᠢᠭ ᠲᠠᠢ ᠪᠤᠯ᠂ ᠬᠢᠷᠢ ᠪᠦᠲᠦᠮᠵᠢ ᠪᠠᠨ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ᠂ ᠵᠢᠷᠭᠤᠳᠤᠭᠠᠷ ᠳᠡᠰ ᠤᠨ ᠰᠢᠯᠭᠠᠯᠲᠠ ᠶᠢᠨ ᠺᠣᠮᠢᠰ ᠤᠨ ᠠᠯᠪᠠᠨ ᠭᠡᠷ ᠬᠦᠯᠢᠶᠡᠨ ᠠᠪᠴᠤ ᠰᠢᠢᠳᠪᠦᠷᠢᠯᠡᠨ᠎ᠡ᠂ ᠪᠣᠳᠠᠲᠠᠶ ᠰᠢᠶᠳᠪᠦᠷᠢᠯᠡᠬᠦ ᠠᠷᠭ᠎ᠠ ᠶᠢ ︽ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡ᠂ ᠵᠢᠷᠭᠤᠳᠤᠭᠠᠷ ᠳᠡᠰ ᠤᠨ ᠰᠢᠯᠭᠠᠯᠲᠠ︾᠎ ᠶᠢᠨ ᠰᠦᠯᠵᠢᠶᠡᠨ ᠤ ︽ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ︾ ᠲᠤᠰᠬᠠᠶ ᠪᠤᠯᠤᠩ ᠳᠤ ᠨᠡᠶᠢᠲᠡᠯᠡᠭᠰᠡᠨ ︽ᠴᠢᠬᠤᠯᠠ ᠮᠡᠳᠡᠭᠳᠡᠯ︾᠎ ᠢ ᠦᠵᠡᠭᠡᠷᠡᠢ᠃      CET᠎ ᠶᠢᠨ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ︵ᠶᠠᠷᠢᠶᠠᠨ ᠤ ᠬᠡᠯᠡᠨ ᠤ ᠬᠢᠷᠢ ᠪᠦᠲᠦᠮᠵᠢ ᠪᠠᠭᠲᠠᠨ᠎ᠠ︶᠎ ᠶᠢ ᠬᠢᠷᠢ ᠪᠦᠲᠦᠮᠵᠢ ᠶᠢ ᠨᠡᠶᠢᠲᠡᠯᠡᠭᠰᠡᠨ ᠠᠴᠠ 30 ᠠᠵᠢᠯᠯᠠᠬᠤ ᠡᠳᠦᠷ ᠤᠨ ᠲᠠᠷᠠᠭ᠎ᠠ ᠡᠯ᠎ᠡ ᠮᠤᠵᠢ ᠶᠢᠨ ᠱᠠᠲᠤᠨ ᠤ CET ᠳᠠᠭᠠᠭᠠᠴᠢᠯᠠᠨ ᠭᠦᠢᠴᠡᠳᠬᠡᠬᠦ ᠪᠠᠶᠢᠭᠤᠯᠤᠮᠵᠢ ᠳᠤ ᠪᠠᠭᠤᠯᠭᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠶᠢ ᠤᠯᠤᠮᠠᠭᠴᠠ ᠪᠠᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠪᠠᠭᠤᠯᠭᠠᠨ᠎ᠠ᠃ ᠡᠶᠢᠮᠦ ᠠᠴᠠ ᠬᠢᠷᠢ ᠪᠦᠲᠦᠮᠵᠢ ᠶᠢᠨ ᠬᠠᠭᠤᠳᠠᠰᠤ ᠠᠪᠬᠤ ᠴᠠᠭ ᠨᠢ ᠰᠢᠯᠭᠠᠯᠲᠠ ᠳᠠᠭᠤᠰᠤᠭᠰᠠᠨ ᠤ ᠳᠠᠷᠠᠭᠠᠬᠢ 90 ᠡᠳᠦᠷ ᠠᠴᠠ ᠬᠤᠵᠢᠭᠤ ᠪᠤᠯᠵᠤ ᠮᠡᠳᠡᠨ᠎ᠡ᠂ ᠰᠢᠯᠭᠠᠭᠤᠯᠤᠭᠴᠢᠳ ᠬᠦᠯᠢᠴᠡᠩᠭᠦᠶ ᠪᠠᠷ ᠬᠦᠯᠢᠶᠡᠬᠦ ᠶᠢᠨ ᠬᠠᠮᠲᠤ ᠶᠡᠭᠡ ᠳᠡᠭᠡᠳᠦ ᠰᠤᠷᠭᠠᠭᠤᠯᠢ ᠶᠢᠨ ᠨᠡᠷ᠎ᠡ ᠮᠡᠳᠡᠭᠦᠯᠬᠦ ᠭᠠᠵᠠᠷ ᠠᠴᠠ ᠠᠰᠠᠭᠤᠵᠤ ᠪᠠᠶᠢᠭᠠᠳ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠪᠠᠨ ᠠᠪᠤᠭᠠᠷᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠰᠢᠯᠭᠠᠭᠤᠯᠤᠭᠰᠠᠳ ᠤᠨ ᠬᠤᠪᠢ ᠬᠥᠮᠦᠨ ᠤ ᠠᠰᠠᠭᠤᠳᠠᠯ ᠠᠴᠠ ᠪᠤᠯᠵᠤ CET ᠬᠢᠷᠢ ᠪᠦᠲᠦᠮᠵᠢ ᠶᠢᠨ ᠬᠠᠭᠤᠳᠠᠰᠤ ᠳᠡᠭᠡᠷᠡᠬᠢ ᠮᠡᠳᠡᠭᠡ ᠵᠠᠩᠭᠢ ᠨᠢ ᠪᠤᠷᠤᠭᠤ ᠪᠤᠯᠤᠭᠰᠠᠨ ᠪᠤᠯ᠂  ᠵᠠᠰᠠᠨ ᠨᠥᠬᠦᠵᠦ ᠦᠭᠬᠦ ᠦᠭᠡᠢ︔ ᠰᠢᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠤᠯᠵᠤ CET᠎ ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ ᠭᠡᠭᠡᠭᠰᠡᠨ ᠪᠤᠯ᠂ ᠳᠠᠬᠢᠨ ᠨᠥᠬᠦᠵᠦ ᠥᠭᠬᠦ ᠦᠭᠡᠢ᠂ ᠵᠥᠪᠬᠡᠨ ᠬᠢᠷᠢ ᠪᠦᠲᠦᠮᠵᠢ ᠶᠢᠨ ᠬᠡᠷᠡᠴᠢᠯᠡᠯ ᠨᠦᠬᠦᠨ ᠦᠭᠴᠦ᠂ ᠰᠢᠯᠭᠠᠭᠤᠯᠤᠭᠴᠢ ᠥᠪᠡᠷᠲᠡᠭᠡᠨ ᠰᠢᠶᠳᠪᠦᠷᠢᠯᠡᠨ᠎ᠡ᠃ ᠪᠣᠳᠠᠲᠠᠶ ᠰᠢᠶᠳᠪᠦᠷᠢᠯᠡᠬᠦ ᠠᠷᠭ᠎ᠠ ᠶᠢ ︽ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡ᠂ ᠵᠢᠷᠭᠤᠳᠤᠭᠠᠷ ᠳᠡᠰ ᠤᠨ ᠰᠢᠯᠭᠠᠯᠲᠠ︾᠎ ᠶᠢᠨ ᠰᠦᠯᠵᠢᠶᠡᠨ ᠤ ︽ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ︾ ᠲᠤᠰᠬᠠᠶ ᠪᠤᠯᠤᠩ ᠳᠤ ᠨᠡᠶᠢᠲᠡᠯᠡᠭᠰᠡᠨ ︽ᠴᠢᠬᠤᠯᠠ ᠮᠡᠳᠡᠭᠳᠡᠯ︾᠎ ᠢ ᠦᠵᠡᠭᠡᠷᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号