︽ᠪᠦᠬᠦ ᠤᠷᠤᠨ ᠤ ᠤᠯᠠᠮᠵᠢᠯᠠᠯᠳᠤ ᠭᠠᠷ ᠤᠷᠠᠯᠠᠯ + ᠤᠳᠤᠬᠢ ᠪᠦᠳᠦᠬᠡᠯᠴᠢ ᠬᠦᠭᠵᠢᠯᠳᠡ ᠶᠢᠨ ᠦᠵᠡᠰᠬᠦᠯᠡᠩ︾ ᠡᠬᠢᠯᠡᠪᠡ
ᠨᠡᠶᠢᠲᠡᠯᠡᠭᠰᠡᠨ ᠴᠠᠭ᠄
2017/8/22
     8 ᠳ᠋ᠤᠭᠠᠷ ᠰᠠᠷ᠎ᠠ ᠶᠢᠨ 18᠎ ᠤ ᠡᠳᠦᠷ᠂ ᠠᠷᠪᠠᠨ ᠲᠦᠷᠪᠡᠳᠦᠬᠡᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠨᠢᠬᠡᠨ ᠠᠭᠤᠯᠭ᠎ᠠ ᠪᠤᠯᠬᠤ ︽ᠪᠦᠬᠦ ᠤᠷᠤᠨ ᠤ ᠤᠯᠠᠮᠵᠢᠯᠠᠯᠳᠤ ᠭᠠᠷ ᠤᠷᠠᠯᠠᠯ + ᠤᠳᠤᠬᠢ ᠪᠦᠳᠦᠬᠡᠯᠴᠢ ᠬᠦᠭᠵᠢᠯᠳᠡ ᠶᠢᠨ ᠦᠵᠡᠰᠬᠦᠯᠡᠩ︾ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠡᠬᠢᠯᠡᠪᠡ᠃      ᠳᠤᠰ ᠤᠳᠠᠭ᠎ᠠ ᠶᠢᠨ ᠦᠵᠡᠰᠬᠦᠯᠡᠩ ᠳᠤ᠂ ᠮᠤᠩᠭᠤᠯ ᠦᠨᠳᠦᠰᠦᠳᠡᠨ ᠤ ᠬᠠᠳᠬᠤᠮᠠᠯ ᠤᠷᠠᠯᠠᠯ᠂ ᠴᠠᠭᠠᠰᠤᠨ ᠬᠠᠶᠢᠴᠢᠯᠠᠮᠠᠯ᠂ ᠬᠤᠪᠴᠠᠰᠤ ᠵᠠᠰᠠᠯ᠂ ᠬᠦᠭᠵᠢᠮ ᠵᠢᠮᠰᠡᠭ᠂ ᠬᠠᠰᠠᠭ ᠳᠡᠷᠬᠡ᠂ ᠬᠡᠷ ᠤᠨ ᠡᠳ᠋ᠯᠡᠯ ᠬᠡᠷᠡᠭᠰᠡᠯ᠂ ᠡᠮᠡᠬᠡᠯ ᠵᠡᠷᠬᠡ ᠤᠯᠠᠮᠵᠢᠯᠠᠯᠳᠤ ᠭᠠᠷ ᠤᠷᠠᠯᠠᠯ ᠤᠨ 8 ᠲᠦᠷᠦᠯ ᠤᠨ 160 ᠭᠠᠷᠤᠢ ᠵᠦᠢᠯ ᠤᠨ ᠪᠤᠳᠠᠰ ᠢ ᠳᠡᠯᠬᠡᠨ ᠦᠵᠡᠬᠦᠯᠵᠦ᠂ ᠪᠦᠬᠦ ᠤᠷᠤᠨ ᠠᠴᠠ 32 ᠵᠦᠢᠯ ᠤᠨ ᠦᠨᠳᠦᠰᠦᠳᠡᠨ ᠤ ᠤᠨᠴᠠᠯᠢᠭ ᠲᠠᠢ᠂ ᠭᠠᠵᠠᠷ ᠤᠷᠤᠨ ᠤ ᠤᠨᠴᠠᠯᠢᠭ ᠲᠠᠢ ᠤᠯᠠᠮᠵᠢᠯᠠᠯᠳᠤ ᠭᠠᠷ ᠤᠷᠠᠯᠠᠯ ᠤᠨ ᠲᠦᠷᠦᠯ ᠤᠨ 400 ᠭᠠᠷᠤᠢ ᠪᠦᠳᠦᠬᠡᠯ ᠢ ᠳᠡᠯᠬᠡᠨ ᠦᠵᠡᠬᠦᠯᠵᠦ᠂ 32 ᠲᠦᠯᠦᠬᠡᠯᠡᠬᠦ ᠴᠢᠨᠠᠷᠳᠠᠢ ᠤᠯᠠᠮᠵᠢᠯᠠᠭᠴᠢ ᠶᠢ ᠤᠷᠢᠵᠤ ᠠᠬᠤᠢ ᠳᠠᠯᠠᠪᠠᠢ ᠳᠤ ᠤᠷ᠎ᠠ ᠮᠡᠷᠬᠡᠵᠢᠯ ᠢ ᠨᠢ ᠳᠡᠯᠬᠡᠨ ᠦᠵᠡᠬᠦᠯᠵᠦ᠂ ᠤᠷᠠᠯᠠᠵᠤ ᠪᠦᠳᠦᠬᠡᠭᠰᠡᠨ ᠪᠦᠳᠦᠬᠡᠯ ᠢ ᠨᠢ ᠬᠤᠳᠠᠯᠳᠤᠭᠤᠯᠵᠤ᠂ ᠪᠤᠳᠠᠰ ᠤᠨ ᠪᠤᠰᠤ ᠰᠤᠶᠤᠯ ᠤᠨ ᠦᠪ ᠢ ᠤᠳᠤᠬᠢ ᠠᠮᠢᠳᠤᠷᠠᠯ ᠲᠠᠢ ᠠᠭᠤᠰᠤᠯᠴᠠᠭᠤᠯᠬᠤ ᠶᠢ ᠠᠬᠢᠭᠤᠯᠵᠤ ᠪᠠᠶᠢᠨ᠎ᠠ᠃      ᠤᠳᠤᠬᠢ ᠰᠤᠶᠤᠯ ᠤᠨ ᠪᠦᠳᠦᠬᠡᠯᠴᠢ ᠬᠦᠭᠵᠢᠯᠳᠡ ᠶᠢᠨ ᠦᠵᠡᠰᠬᠦᠯᠡᠩ ᠳᠤ᠂ 12 ᠶᠡᠭᠡ ᠳᠡᠬᠡᠳᠤ ᠰᠤᠷᠭᠠᠭᠤᠯᠢ ᠶᠢᠨ ᠬᠠᠪᠳᠠᠭᠠᠢ ᠵᠢᠷᠤᠭ ᠲᠦᠯᠦᠪᠯᠡᠭᠡ᠂ ᠳᠤᠭᠠᠴᠢᠯᠠᠭᠰᠠᠨ ᠵᠠᠭᠤᠴᠢᠯᠠᠭᠤᠷ᠂ ᠪᠦᠳᠦᠬᠡᠭᠳᠡᠬᠦᠨ ᠤ ᠵᠢᠷᠤᠭ ᠲᠦᠯᠦᠪᠯᠡᠭᠡ᠂ ᠱᠠᠭᠠᠵᠠᠩ ᠤᠷᠠᠯᠠᠯ᠂ ᠠᠷᠠᠰᠤᠨ ᠰᠡᠶᠢᠯᠦᠮᠡᠯ᠂ ᠺᠠᠷᠲ᠋ᠤᠨ ᠵᠡᠷᠬᠡ 6 ᠶᠡᠭᠡ ᠲᠦᠷᠦᠯ᠂ 99 ᠪᠦᠯᠦᠭ ᠤᠨ 2000 ᠭᠠᠷᠤᠢ ᠪᠦᠳᠦᠬᠡᠯ ᠪᠠ 10 ᠰᠤᠶᠤᠯ ᠤᠨ ᠪᠦᠲᠦᠬᠡᠯᠴᠢ ᠠᠵᠤ ᠠᠬᠤᠶᠢᠯᠠᠯ ᠤᠨ ᠪᠦᠳᠦᠬᠡᠭᠳᠡᠬᠦᠨ ᠢ ᠳᠡᠯᠭᠡᠨ ᠦᠵᠡᠭᠦᠯᠵᠠᠢ᠃      ᠳᠤᠰ ᠤᠳᠠᠭ᠎ᠠ ᠶᠢᠨ ᠦᠵᠡᠰᠬᠦᠯᠡᠩ ᠳᠤ᠂ ᠤᠯᠠᠮᠵᠢᠯᠠᠯᠳᠤ ᠭᠠᠷ ᠤᠷᠠᠯᠠᠯ ᠢ ᠬᠦᠨᠵᠡᠬᠡᠢ ᠠᠭᠤᠳᠠᠯᠯᠠᠵᠤ᠂ ᠤᠯᠠᠮᠵᠢᠯᠠᠯᠳᠤ ᠭᠠᠷ ᠤᠷᠠᠯᠠᠯ ᠤᠨ ᠤᠬᠢ ᠰᠤᠳᠤ ᠪᠠ ᠦᠨ᠎ᠡ ᠦᠷᠳᠡᠭ ᠢ ᠬᠦᠢᠴᠡᠳ ᠳᠠᠨᠢᠵᠤ᠂ ᠬᠡᠬᠡᠭᠳᠡᠨ ᠤᠷᠬᠢᠭᠳᠠᠵᠤ ᠪᠠᠶᠢᠭ᠎ᠠ ᠰᠢᠯᠢᠳᠡᠭ ᠭᠠᠷ ᠤᠷᠠᠯᠠᠯ ᠤᠨ ᠡᠯᠧᠮᠧᠨ᠋ᠲ ᠢ ᠤᠯᠠᠮᠵᠢᠯᠠᠵᠤ ᠬᠦᠭᠵᠢᠬᠦᠯᠦᠨ᠂ ᠤᠯᠠᠮᠵᠢᠯᠠᠯᠳᠤ ᠭᠠᠷ ᠤᠷᠠᠯᠠᠯ ᠪᠠ ᠤᠳᠤᠬᠢ ᠪᠦᠳᠦᠬᠡᠯᠴᠢ ᠬᠦᠭᠵᠢᠯᠳᠡ ᠶᠢ ᠤᠶᠠᠯᠳᠤᠭᠤᠯᠵᠤ᠂ ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠢ ᠤᠳᠤᠬᠢ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠬᠤ ᠪᠠᠷ ᠳᠠᠮᠵᠢᠨ᠂ ᠤᠳᠤᠬᠢ ᠪᠦᠳᠦᠬᠡᠯᠴᠢ ᠵᠢᠷᠤᠭ ᠲᠦᠯᠦᠪᠯᠡᠭᠡ ᠨᠢ ᠤᠯᠠᠮᠵᠢᠯᠠᠯᠳᠤ ᠭᠠᠷ ᠤᠷᠠᠯᠠᠯ ᠠᠴᠠ ᠤᠬᠢ ᠰᠢᠮ᠎ᠡ ᠬᠦᠷᠳᠡᠨ᠂ ᠤᠯᠠᠮᠵᠢᠯᠠᠯᠳᠤ ᠭᠠᠷ ᠤᠷᠠᠯᠠᠯ ᠨᠢ ᠴᠤ ᠵᠢᠷᠤᠭ ᠲᠦᠯᠦᠪᠯᠡᠭᠡ ᠶᠢᠨ ᠳᠠᠯ᠎ᠠ ᠪᠠᠷ ᠳᠠᠰᠤᠷᠠᠯᠳᠠ ᠦᠬᠡᠢ ᠰᠢᠨᠡᠴᠢᠯᠡᠵᠦ᠂ ᠠᠮᠢᠳᠤᠷᠠᠯ ᠳᠤᠮᠳᠠ ᠰᠢᠨ᠎ᠡ ᠶᠢ ᠡᠬᠦᠳᠦᠨ ᠤᠯᠠᠮᠵᠢᠯᠠᠬᠤ ᠶᠢ ᠵᠤᠷᠢᠵᠤ᠂ ᠪᠠᠰᠠ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠬᠡᠳᠤ ᠰᠤᠷᠭᠠᠭᠤᠯᠢ ᠶᠢᠨ 3 ᠳᠤᠰᠬᠠᠢ ᠮᠡᠷᠬᠡᠵᠢᠯᠳᠡᠨ ᠢ ᠤᠷᠢᠵᠤ᠂ ᠤᠯᠠᠮᠵᠢᠯᠠᠭᠴᠢ᠂ ᠰᠤᠶᠤᠯ ᠤᠨ ᠪᠦᠲᠦᠬᠡᠯᠴᠢ ᠵᠢᠷᠤᠭ ᠲᠦᠰᠦᠪᠯᠡᠭᠰᠡᠳ ᠲᠠᠢ ᠰᠠᠨᠠᠯ ᠢᠶᠠᠨ ᠰᠤᠯᠢᠯᠴᠠᠵᠤ᠂ ᠬᠢᠷᠢ ᠲᠦᠪᠰᠢᠨ ᠢ ᠨᠢ ᠳᠡᠬᠡᠭᠰᠢᠯᠡᠬᠦᠯᠬᠦ ᠵᠢᠯᠤᠭᠤᠳᠤᠯᠭ᠎ᠠ ᠬᠢᠯᠭᠡᠵᠦ᠂ 9 ᠳᠠᠯᠠᠪᠠᠢ ᠠᠵᠢᠯᠯᠠᠭ᠎ᠠ ᠳᠤᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠳᠤᠬᠠᠢ ᠶᠢᠨ ᠳᠠᠯᠠᠪᠠᠢ ᠳᠤ ᠵᠢᠭᠠᠵᠤ ᠤᠯᠠᠮᠵᠢᠯᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号