ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠤᠯᠠᠭᠠᠨᠴᠠᠪ ᠬᠤᠲᠠ ᠳᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017/8/22
     8 ᠳ᠋ᠤᠭᠠᠷ ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠢ ᠳᠠᠭᠠᠭᠤᠯᠤᠨ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠸᠠᠳᠧ ᠰᠢᠶᠠᠨ ᠳᠤ ᠬᠦᠷᠴᠦ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠴᠠᠩ ᠵᠢᠶᠦ᠋ᠨ ᠵᠧᠩ ᠨᠠᠷ ᠤᠷᠢᠳ ᠬᠤᠵᠢᠳ ᠰᠢᠤᠢ ᠹᠧᠩ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ᠂ ᠵᠦᠩ ᠲᠠᠢ ᠨᠢᠺᠤᠯ ᠲᠡᠮᠦᠷ ᠤᠨ ᠬᠢᠵᠠᠭᠠᠷᠲᠤ ᠺᠣᠮᠫᠠᠨᠢ᠂ ᠬᠤᠸᠠᠳᠧ ᠰᠢᠶᠠᠨ ᠤ ᠪᠤᠵᠠᠷ ᠤᠰᠤ ᠶᠢ ᠰᠢᠶᠳᠪᠦᠷᠢᠯᠡᠬᠦ ᠦᠢᠯᠡᠳᠪᠦᠷᠢ ᠪᠠ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠲᠦᠷᠦᠯ ᠵᠦᠢᠯ ᠤᠨ ᠲᠤᠬᠠᠶ ᠶᠢᠨ ᠭᠠᠵᠠᠷ ᠲᠤᠨᠢ ᠬᠦᠷᠴᠦ᠂ ᠠᠵᠤ ᠠᠬᠤᠶᠢᠯᠠᠯ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠠᠵᠢᠯᠯᠠᠭ᠎ᠠ ᠪᠠ ᠭᠤᠣᠯᠳᠠᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠪᠠ᠃ ᠳᠡᠳ᠋ ᠲᠡᠷᠢᠭᠦᠯᠡᠭᠴᠢ ᠴᠠᠩ ᠵᠢᠶᠦ᠋ᠨ ᠵᠧᠩ ᠤᠯᠠᠭᠠᠨᠴᠠᠪ ᠬᠤᠲᠠ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠪ ᠬᠤᠷᠢᠶᠠᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠦᠭᠵᠢᠭᠦᠯᠬᠦ ᠤᠨᠤᠯᠵᠢᠬᠤᠨ ᠢ ᠪᠠᠲᠤ ᠪᠠᠬᠢ ᠪᠤᠢ ᠪᠣᠯᠭᠠᠵᠤ᠂ ᠬᠥᠭᠵᠢᠭᠦᠯᠬᠦ ᠪᠣᠯᠤᠨ ᠬᠠᠮᠠᠭᠠᠯᠠᠬᠤ ᠶᠢᠨ ᠬᠠᠷᠢᠴᠠᠭ᠎ᠠ ᠶᠢ ᠲᠣᠬᠢᠲᠠᠶ ᠰᠢᠶᠳᠪᠦᠷᠢᠯᠡᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠵᠢᠭᠤᠯᠴᠢᠯᠠᠯ᠂ ᠪᠠᠷᠠᠭᠠᠨ ᠤ ᠭᠦᠢᠯᠭᠡᠭᠡᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠬᠡᠢ ᠠᠵᠤ ᠦᠢᠯᠡᠰ ᠤᠨ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠤᠯᠠᠮ ᠴᠢᠩᠭᠠᠯᠠᠵᠤ ᠂ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠠᠬᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠡᠭᠦᠷᠭᠡ ᠶᠢ ᠴᠤᠴᠠᠯᠲᠠ ᠦᠭᠡᠢ ᠪᠡᠶᠡᠯᠡᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠸᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号