ᠤᠶᠢᠷ᠎ᠠ ᠶᠢᠨ ᠬᠤᠶᠠᠷ ᠵᠢᠯ ᠳᠤ᠂ ᠮᠠᠨ ᠤ ᠣᠷᠣᠨ ᠤᠯᠠᠮᠵᠢᠯᠠᠯᠲᠤ ᠪᠤᠰᠤ ᠭᠠᠵᠠᠷ ᠰᠢᠨᠵᠢᠯᠡᠭᠡᠨ ᠤ ᠠᠵᠢᠯ ᠤᠨ | ᠬᠦᠷᠢᠶ᠎ᠡ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠠᠵᠢᠯ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠬᠦᠷᠦᠰᠦᠲᠦ ᠳᠡᠯᠡᠬᠡᠶ ᠶᠢᠨ ᠪᠥᠮᠪᠥᠷᠴᠡᠭ ᠤᠨ ᠬᠢᠮᠢ ᠶᠢᠨ | ᠪᠠᠶᠢᠴᠠᠭᠠᠯᠲᠠ ᠢᠯᠡᠷᠡᠬᠡᠢ ᠦᠷ᠎ᠡ ᠪᠦᠲᠦᠮᠵᠢ ᠤᠯᠵᠤ᠂ ᠰᠧᠯᠸᠠ ᠡᠯᠪᠡᠭ ᠲᠠᠷᠢᠶᠠᠨ ᠭᠠᠵᠠᠷ ᠢ ᠨᠡᠭᠡᠭᠡᠨ ᠬᠥᠭᠵᠢᠭᠦᠯᠬᠦ | ᠵᠢᠱᠢᠶ᠎ᠡ ᠦᠵᠡᠭᠦᠯᠬᠦ ᠣᠷᠣᠨ ᠪᠦᠰᠡ ᠶᠢ ᠬᠦᠷᠢᠶᠡᠯᠡᠨ ᠲᠣᠭᠲᠠᠭᠠᠭᠰᠠᠨ ᠶᠠᠪᠤᠳᠠᠯ ᠪᠤᠯ ᠲᠡᠭᠦᠨ ᠤ ᠦᠷ᠎ᠡ | ᠪᠦᠲᠦᠮᠵᠢ ᠶᠢᠨ ᠨᠢᠭᠡ ᠨᠢ ᠪᠤᠯᠤᠨ᠎ᠠ᠃ | ᠠᠷᠪᠠᠳᠤᠭᠠᠷ ᠲᠠᠪᠤᠨ ᠵᠢᠯ ᠤᠨ ᠲᠦᠯᠦᠪᠯᠡᠭᠡᠨ ᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠪᠣᠯᠤᠨ | ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠬᠠᠮᠲᠤ ᠪᠠᠷ 3600 ᠲᠦᠮᠡᠨ | ᠲᠥᠭᠦᠷᠢᠭ ᠪᠡᠯᠡ ᠮᠥᠩᠭᠦ ᠭᠠᠷᠭᠠᠵᠤ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ | ᠬᠦᠷᠢᠶᠡᠯᠡᠩ ᠪᠣᠷᠣᠲᠣᠬᠤᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ 1᠄ 25 ᠲᠦᠮᠡ ᠭᠠᠷᠤᠢ | ᠬᠠᠷᠠᠯᠲᠠᠲᠤ ᠳᠡᠯᠡᠬᠡᠶ ᠶᠢᠨ ᠪᠥᠮᠪᠥᠷᠴᠡᠭ ᠤᠨ ᠬᠢᠮᠢ ᠶᠢᠨ ᠪᠠᠶᠢᠴᠠᠭᠠᠯᠲᠠ ᠶᠢᠨ ᠠᠵᠢᠯ ᠢ ᠬᠡᠷᠡᠭᠵᠢᠭᠦᠯᠵᠦ᠂ 32000 | ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠶᠢ ᠪᠠᠶᠢᠴᠠᠭᠠᠭᠰᠠᠨ ᠪᠥᠭᠡᠳ 2008 ᠣᠨ ᠳᠤ ᠦᠷ᠎ᠡ ᠪᠦᠲᠦᠮᠵᠢ ᠪᠠᠨ | ᠳᠡᠪᠰᠢᠭᠦᠯᠦᠭᠰᠡᠨ ᠪᠠᠶᠢᠨ᠎ᠠ᠃ | 2016 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠡᠭᠡ ᠬᠤᠷᠠᠯ ᠠᠴᠠ ᠳᠤᠷᠠᠳᠤᠭᠰᠠᠨ ᠲᠠᠷᠢᠶᠠᠯᠠᠩ ᠤᠨ ᠰᠢᠨ᠎ᠡ ᠶᠢ ᠡᠭᠦᠳᠦᠨ ᠬᠦᠭᠵᠢᠭᠦᠯᠬᠦ ᠰᠡᠳᠬᠢᠴᠡ ᠲᠠᠢ | ᠤᠶᠠᠯᠳᠤᠭᠤᠯᠤᠨ᠂ ︽ᠥᠪᠥᠷ ᠮᠣᠩᠭᠤᠯ ᠤᠨ ᠪᠣᠷᠣᠲᠣᠬᠤᠶ ᠶᠢᠨ ᠲᠠᠷᠢᠶᠠᠯᠠᠩ ᠤᠨ ᠠᠵᠤ ᠠᠬᠤᠶ ᠶᠢᠨ ᠣᠷᠣᠨ ᠤ 1᠄ | 25 ᠲᠦᠮᠡ ᠭᠠᠷᠤᠢ ᠬᠠᠷᠠᠯᠲᠠᠲᠤ ᠭᠠᠵᠠᠷ ᠤᠨ ᠳᠡᠯᠡᠬᠡᠶ ᠶᠢᠨ ᠪᠥᠮᠪᠥᠷᠴᠡᠭ ᠤᠨ ᠬᠢᠮᠢ ᠶᠢᠨ ᠪᠠᠶᠢᠴᠠᠭᠠᠯᠲᠠ︾ ᠶᠢᠨ | ᠲᠥᠷᠥᠯ ᠵᠦᠢᠯ ᠢᠶᠠᠷ ᠬᠦᠷᠢᠶᠡᠯᠡᠨ ᠲᠤᠭᠲᠠᠭᠠᠭᠰᠠᠨ ᠶᠡᠭᠡ ᠲᠦᠷᠭᠡᠨ ᠭᠤᠤᠯ ᠤᠨ ᠰᠠᠪᠠ ᠭᠠᠵᠠᠷ ᠣᠷᠣᠨ ᠤ ᠰᠧᠯᠸᠠ | ᠡᠯᠪᠡᠭ ᠠᠭᠤᠯᠤᠭᠳᠠᠴᠠ ᠲᠠᠢ ᠭᠠᠵᠠᠷ ᠤᠳ ᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ | ᠡᠬᠢ ᠪᠠᠶᠠᠯᠢᠭ ᠤᠨ ᠲᠢᠩᠬᠢᠮ ᠭᠠᠵᠠᠷ ᠲᠠᠷᠢᠶᠠᠨ ᠤ ᠲᠤᠰᠬᠠᠶ ᠪᠡᠯᠡ ᠮᠥᠩᠭᠦ ᠠᠴᠠ 500 ᠲᠦᠮᠡᠨ ᠲᠥᠭᠦᠷᠢᠭ | ᠲᠣᠬᠢᠷᠠᠭᠤᠯᠵᠤ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠬᠦᠷᠢᠶᠡᠯᠡᠩ ᠠᠴᠠ ᠬᠥᠬᠡᠬᠤᠲᠠ | ᠪᠤᠭᠤᠲᠤ ᠶᠢᠨ ᠲᠠᠯ᠎ᠠ ᠭᠠᠵᠠᠷ ᠤᠨ ᠰᠧᠯᠸᠠ ᠡᠯᠪᠡᠭ ᠲᠠᠷᠢᠶᠠᠨ ᠭᠠᠵᠠᠷ ᠢ ᠨᠡᠭᠡᠭᠡᠨ ᠬᠦᠭᠵᠢᠭᠦᠯᠦᠯᠲᠡ ᠶᠢᠨ ᠵᠢᠱᠢᠶ᠎ᠡ | ᠦᠵᠡᠭᠦᠯᠬᠦ ᠲᠦᠷᠦᠯ ᠵᠦᠢᠯ ᠢ ᠬᠡᠷᠡᠭᠵᠢᠭᠦᠯᠪᠡ᠃ ᠬᠦᠷᠦᠰᠦᠲᠦ ᠳᠡᠯᠡᠬᠡᠶ ᠶᠢᠨ ᠪᠥᠮᠪᠥᠷᠴᠡᠭ ᠤᠨ ᠬᠢᠮᠢ ᠶᠢᠨ | ᠬᠡᠮᠵᠢᠯᠲᠡ ᠪᠠᠷ ᠳᠠᠮᠵᠢᠭᠤᠯᠤᠨ᠂ ᠰᠧᠯᠧᠨ ᠤ ᠲᠠᠷᠬᠠᠯᠲᠠ ᠶᠢᠨ ᠤᠨᠴᠠᠯᠢᠭ ᠢ ᠤᠯᠠᠮ ᠨᠢᠭᠡ ᠠᠯᠬᠤᠮ ᠪᠠᠶᠢᠴᠠᠭᠠᠨ | ᠦᠨᠡᠯᠡᠵᠦ᠂ 9 ᠭᠠᠵᠠᠷ᠂ ᠨᠡᠶᠢᠲᠡ 2850 ᠮᠥ ᠰᠧᠯᠧᠨ ᠡᠯᠪᠡᠭ ᠪᠦᠬᠦᠢ ᠨᠡᠭᠡᠭᠡᠨ ᠬᠦᠭᠵᠢᠭᠦᠯᠦᠯᠲᠡ ᠶᠢᠨ ᠵᠢᠱᠢᠶ᠎ᠡ | ᠦᠵᠡᠭᠦᠯᠬᠦ ᠤᠷᠤᠨ ᠢ ᠬᠦᠷᠢᠶᠡᠯᠡᠨ ᠲᠤᠭᠲᠠᠭᠠᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠠᠵᠤ ᠠᠬᠤᠶ ᠶᠢᠨ | ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠢᠭ ᠲᠤᠯᠭᠠᠭᠤᠷᠢ ᠤᠯᠭᠤᠵᠤ᠂ ᠲᠤᠬᠠᠶ ᠶᠢᠨ ᠭᠠᠵᠠᠷ ᠤᠨ | ᠵᠠᠰᠠᠭ ᠤᠨ ᠣᠷᠳᠣᠨ ᠤ ᠲᠠᠷᠢᠶᠠᠯᠠᠩ ᠤᠨ ᠠᠵᠤ ᠠᠬᠤᠶ ᠶᠢᠨ ᠲᠥᠯᠥᠪᠯᠡᠭᠡ ᠪᠠ ᠠᠵᠤ ᠠᠬᠤᠶ ᠨᠡᠶᠢᠭᠡᠮ ᠤᠨ | ᠦᠷᠬᠦᠯᠵᠢᠯᠡᠬᠦᠶᠢᠴᠡ ᠬᠥᠭᠵᠢᠯᠲᠡ ᠶᠢᠨ ᠲᠥᠯᠥᠪᠵᠢᠭᠦᠯᠭᠡ ᠲᠤᠭᠲᠠᠭᠠᠬᠤ ᠳᠤᠨᠢ ᠰᠢᠨᠵᠢᠯᠡᠬᠦ ᠤᠬᠠᠭᠠᠨᠴᠢ ᠡᠰᠢ | ᠪᠠᠷᠢᠮᠲᠠ ᠤᠯᠭᠤᠪᠠ᠃ |