8 ᠳ᠋ᠤᠭᠠᠷ ᠰᠠᠷ᠎ᠠ ᠶᠢᠨ 23 ᠤ ᠡᠳᠦᠷ᠂ ᠦᠪᠡᠷᠲᠡᠭᠡᠨ ᠵᠠᠰᠠᠬᠤ ᠤᠷᠤᠨ ᠤ ᠪᠡᠯᠡ ᠤᠷᠤᠭᠤᠯᠤᠯᠲᠠ ᠶᠢᠨ | ᠠᠵᠢᠯ ᠤᠨ ᠲᠤᠰᠬᠠᠢ ᠰᠡᠳᠦᠪᠲᠤ ᠬᠤᠷᠠᠯ ᠢ ᠬᠤᠷᠠᠯᠳᠤᠭᠤᠯᠵᠤ᠂ ᠡᠨᠡ ᠵᠢᠯ ᠠᠴᠠ ᠨᠠᠰᠢᠬᠢ ᠲᠤᠬᠲᠠᠮᠠᠯ | ᠬᠦᠷᠦᠩᠭᠡ ᠶᠢᠨ ᠪᠡᠯᠡ ᠤᠷᠤᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠤᠳᠤ ᠶᠢᠨ ᠪᠦᠬᠦ ᠤᠷᠤᠨ ᠤ ᠪᠡᠯᠡ | ᠤᠷᠤᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ | ᠠᠵᠢᠯ ᠢᠶᠠᠨ ᠳᠤᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠢ | ᠡᠷᠬᠢᠯᠡᠵᠦ ᠶᠠᠷᠢᠶ᠎ᠠ ᠲᠠᠯᠪᠢᠪᠠ᠃ | ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ ᠪᠡᠯᠡ ᠤᠷᠤᠭᠤᠯᠤᠯᠲᠠ ᠪᠤᠯ ᠠᠵᠤ ᠠᠬᠤᠢ ᠶᠢᠨ ᠨᠡᠮᠡᠭᠳᠡᠯ ᠢ | ᠳᠤᠬᠲᠠᠪᠤᠷᠢᠵᠢᠭᠤᠯᠬᠤ ︽ᠰᠠᠭᠤᠷᠢ ᠴᠢᠯᠠᠭᠤ︾ ᠪᠤᠯᠤᠨ᠎ᠠ᠃ ᠡᠨᠡ ᠵᠢᠯ ᠠᠴᠠ ᠨᠠᠰᠢ᠂ ᠪᠦᠬᠦ ᠤᠷᠤᠨ ᠤ ᠲᠤᠬᠲᠠᠮᠠᠯ | ᠬᠦᠷᠦᠩᠬᠡ ᠶᠢᠨ ᠪᠡᠯᠡ ᠤᠷᠤᠭᠤᠯᠤᠯᠲᠠ ᠶᠡᠷᠦᠩᠬᠡᠢ ᠳᠡᠭᠡᠨ ᠲᠤᠬᠲᠠᠭᠤᠨ ᠪᠠᠶᠢᠵᠤ᠂ ᠪᠡᠯᠡ ᠤᠷᠤᠭᠤᠯᠤᠯᠲᠠ ᠶᠢᠨ ᠪᠦᠬᠦ | ᠬᠡᠮᠵᠢᠶ᠎ᠡ ᠨᠡᠮᠡᠭᠳᠡᠵᠦ᠂ ᠪᠡᠯᠡ ᠤᠷᠤᠭᠤᠯᠤᠯᠲᠠ ᠶᠢᠨ ᠪᠦᠲᠦᠴᠡ ᠦᠷᠬᠦᠯᠵᠢᠯᠡᠨ ᠰᠠᠶᠢᠵᠢᠷᠠᠵᠤ᠂ ᠭᠤᠤᠯᠳᠠᠯᠭ᠎ᠠ ᠲᠠᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠬᠰᠢᠲᠠᠢ ᠠᠬᠢᠭᠤᠯᠤᠬᠳᠠᠵᠤ᠂ ᠪᠦᠬᠦ ᠤᠷᠤᠨ ᠤ ᠠᠵᠤ | ᠠᠬᠤᠢ ᠶᠢᠨ ᠲᠤᠬᠳᠠᠭᠤᠨ ᠡᠷᠬᠢᠯᠳᠠ ᠳᠤ ᠬᠦᠴᠦᠲᠠᠢ ᠲᠤᠯᠭᠠᠭᠤᠷᠢ ᠬᠠᠩᠭᠠᠪᠠ᠃ ᠭᠡᠪᠡᠴᠤ 7 ᠳ᠋ᠤᠭᠠᠷ ᠰᠠᠷ᠎ᠠ ᠠᠴᠠ | ᠨᠠᠰᠢ ᠲᠤᠬᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠪᠠᠭᠠᠰᠴᠤ᠂ ᠨᠡᠮᠡᠭᠳᠡᠯ ᠤᠨ ᠬᠤᠷᠲᠤᠴᠠ ᠤᠳᠠᠭᠠᠰᠢᠷᠠᠵᠤ᠂ | ᠡᠯ᠎ᠡ ᠭᠠᠵᠠᠷ ᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ | ᠭᠡᠵᠡᠢ᠃ | ᠵᠠᠩ ᠵᠢᠶᠠᠨ ᠮᠢᠨ ᠱᠠᠭᠠᠷᠳᠠᠭᠰᠠᠨ ᠨᠢ᠂ ᠪᠡᠯᠡ ᠤᠷᠤᠭᠤᠯᠤᠯᠲᠠ ᠶᠢ ᠢᠮᠠᠬᠲᠠ ᠠᠵᠤ ᠠᠬᠤᠢ ᠶᠢᠨ | ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠵᠤ᠂ ᠰᠢᠨ᠎ᠡ ᠬᠠᠭᠤᠴᠢᠨ ᠬᠦᠳᠡᠯᠭᠡᠬᠦ ᠬᠦᠴᠦᠨ ᠢ ᠤᠯᠠᠷᠢᠭᠤᠯᠵᠤ᠂ | ᠰᠠᠭᠤᠷᠢ ᠳᠦᠬᠦᠭᠡᠷᠦᠮᠵᠢ ᠶᠢᠨ ᠲᠤᠲᠠᠭᠤᠳᠠᠯ ᠢ ᠨᠦᠬᠦᠪᠦᠷᠢᠯᠡᠬᠦ ᠴᠢᠬᠤᠯᠠ ᠠᠷᠭ᠎ᠠ ᠪᠠᠷᠢᠯ ᠪᠤᠯᠭᠠᠵᠤ᠂ ᠪᠡᠯᠡ | ᠤᠷᠤᠭᠤᠯᠤᠯᠲᠠ ᠪᠠᠷ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠳᠠᠶᠢᠴᠢᠯᠠᠬᠤ ᠭᠡᠷᠡᠭᠲᠡᠢ᠃ | ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠠᠵᠢᠯ ᠲᠦᠷᠦᠯ ᠤᠨ ᠪᠡᠯᠡ ᠤᠷᠤᠭᠤᠯᠤᠯᠲᠠ ᠶᠢ ᠰᠠᠶᠢᠳᠤᠷ | ᠠᠳᠬᠤᠵᠤ᠂ ᠪᠡᠯᠡ ᠤᠷᠤᠭᠤᠯᠵᠤ ᠪᠡᠯᠡ ᠮᠦᠩᠬᠦ ᠴᠤᠬᠯᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠤ᠂ ᠪᠠᠶᠢᠭᠤᠯᠵᠤ | ᠪᠠᠶᠢᠭ᠎ᠠ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠨ ᠠᠬᠢᠭᠤᠯᠵᠤ᠂ ︽ᠲᠤᠯᠤᠭᠠᠨ ᠲᠤᠤᠷ︾ ᠢ ᠬᠠᠮᠲᠤᠪᠡᠷ | ᠪᠠᠶᠢᠭᠤᠯᠬᠤ᠂ ︽ᠲᠤᠯᠤᠭᠠᠨ ᠦᠢᠯᠡᠰ︾ ᠢ ᠬᠠᠮᠲᠤᠪᠡᠷ ᠮᠠᠨᠳᠤᠭᠤᠯᠬᠤ ᠶᠢᠨ ᠲᠤᠭᠤᠷᠢᠨ ᠳᠤ ᠨᠢᠭᠡ ᠪᠦᠯᠦᠭ ᠶᠡᠭᠡ | ᠲᠦᠷᠦᠯ ᠵᠦᠢᠯ᠂ ᠰᠠᠶᠢᠨ ᠲᠦᠷᠦᠯ ᠵᠦᠢᠯ ᠢ ᠠᠷᠭ᠎ᠠ ᠰᠦᠪᠡᠭᠴᠢᠯᠡᠨ ᠨᠦᠭᠡᠴᠡᠯᠡᠵᠦ᠂ ᠪᠦᠬᠦ ᠤᠷᠤᠨ ᠤ ᠨᠠᠮᠤᠷ ᠤᠨ | ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠡᠬᠢᠯᠡᠭᠦᠯᠬᠦ ᠠᠵᠢᠯᠯᠠᠭ᠎ᠠ ᠶᠢ ᠢᠳᠡᠪᠬᠢᠲᠡᠢ | ᠪᠡᠯᠡᠳᠬᠡᠬᠦ ᠬᠡᠷᠡᠭᠲᠡᠢ ᠭᠡᠪᠠ᠃ | ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ᠪᠡᠯᠡ ᠤᠷᠤᠭᠤᠯᠤᠯᠲᠠ ᠶᠢᠨ ᠪᠠᠲᠤᠯᠠᠪᠤᠷᠢ ᠶᠢ ᠤᠯᠠᠮ | ᠴᠢᠨᠠᠬᠰᠢᠲᠠ ᠴᠢᠩᠳᠠᠯᠠᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠤᠲᠠᠲᠠᠢ ᠪᠦᠲᠦᠮᠵᠢ ᠶᠢ ᠳᠡᠭᠡᠭᠰᠢᠯᠡᠭᠦᠯᠵᠦ᠂ | ᠪᠡᠯᠡ ᠤᠷᠤᠭᠤᠯᠤᠯᠲᠠ ᠶᠢᠨ ᠪᠤᠭᠤᠮᠢ ᠶᠢ ᠪᠦᠲᠦᠮᠵᠢᠲᠠᠢ ᠪᠠᠷ ᠠᠷᠢᠯᠭᠠᠵᠤ᠂ ᠪᠡᠯᠡ ᠤᠷᠤᠭᠤᠯᠤᠯᠲᠠ ᠶᠢᠨ ᠤᠷᠴᠢᠨ | ᠲᠤᠭᠤᠷᠢᠨ ᠤ ᠪᠦᠬᠦᠯᠢ ᠴᠤᠬᠴᠠ ᠶᠢᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦ | ᠤᠷᠤᠨ ᠤ ᠪᠡᠯᠡ ᠤᠷᠤᠭᠤᠯᠤᠯᠲᠠ ᠪᠠ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠳᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠠ᠃ | ᠡᠯ᠎ᠡ ᠠᠶᠢᠮᠠᠬ ᠬᠤᠲᠠ ᠪᠠ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠬᠤᠷᠠᠯ ᠳᠤ ᠤᠷᠤᠯᠴᠠᠵᠠᠢ᠃ |