ᠥᠪᠥᠷ ᠮᠣᠩᠭᠤᠯ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠪᠡ  ᠬᠠᠮᠤᠭ ᠥᠨᠳᠥᠷ ᠲᠡᠭᠡᠨ 96 ᠲᠥᠭᠦᠷᠢᠭ ᠥᠰᠦᠨ᠎ᠡ
ᠨᠡᠶᠢᠲᠡᠯᠡᠭᠰᠡᠨ ᠴᠠᠭ᠄
2017/8/24
     ᠡᠨᠡ ᠵᠢᠯ ᠤᠨ 8 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠵᠦ᠂ ᠬᠠᠮᠤᠭ ᠥᠨᠳᠥᠷ ᠲᠡᠭᠡᠨ 96 ᠲᠥᠭᠦᠷᠢᠭ ᠥᠰᠴᠦ᠂ ᠰᠠᠷ᠎ᠠ ᠪᠦᠷᠢ ᠬᠥᠮᠦᠨ ᠪᠦᠷᠢ ᠳᠤ ᠳᠤᠮᠳᠠᠴᠢ ᠪᠠᠷ 1000 ᠲᠥᠭᠦᠷᠢᠭ ᠠᠴᠠ ᠳᠠᠪᠠᠭᠤᠯᠪᠠ᠃ ᠥᠪᠥᠷ ᠮᠣᠩᠭᠤᠯ ᠲᠣᠳᠣᠷᠬᠠᠶᠢᠯᠠᠨ ᠲᠣᠭᠲᠠᠭᠠᠭᠰᠠᠨ ᠨᠢ᠄ 1᠎ ᠠᠴᠠ 12 ᠳ᠋ᠤᠭᠠᠷ ᠰᠠᠷ᠎ᠠ ᠳᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠨᠢᠭᠡᠳᠦᠯᠲᠡᠶ ᠪᠡᠯᠡᠳᠬᠡᠭᠰᠡᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶᠠᠨ ᠤ 80%᠎ ᠪᠠᠷ ᠣᠯᠭᠤᠨ᠎ᠠ︔ 13᠎ ᠠᠴᠠ 24 ᠳ᠋ᠦ᠋ᠭᠡᠷ ᠰᠠᠷ᠎ᠠ ᠳᠤ᠂ ᠨᠢᠭᠡᠳᠦᠯᠲᠡᠶ ᠪᠡᠯᠡᠳᠬᠡᠭᠰᠡᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶᠠᠨ ᠤ 70%᠎ ᠪᠠᠷ ᠣᠯᠭᠤᠨ᠎ᠠ᠃      ᠣᠳᠣᠬᠠᠨ ᠳᠤ᠂ ᠥᠪᠥᠷ ᠮᠣᠩᠭᠤᠯ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1760 ᠲᠥᠭᠦᠷᠢᠭ︔ ᠬᠤᠶᠠᠳᠤᠭᠠᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1660 ᠲᠥᠭᠦᠷᠢᠭ︔ ᠭᠤᠷᠪᠠᠳᠤᠭᠠᠷ ᠲᠥᠷᠥᠯ ᠤᠨ ᠭᠠᠵᠠᠷ ᠣᠷᠣᠨ ᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1560 ᠲᠥᠭᠦᠷᠢᠭ︔ ᠳᠥᠷᠪᠡᠳᠦᠭᠡᠷ ᠲᠥᠷᠥᠯ ᠤᠨ ᠭᠠᠵᠠᠷ ᠣᠷᠣᠨ ᠤ ᠰᠠᠷ᠎ᠠ ᠳᠤ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1460 ᠲᠥᠭᠦᠷᠢᠭ ᠪᠣᠯᠤᠨ᠎ᠠ᠃ ᠥᠪᠥᠷ ᠮᠣᠩᠭᠤᠯ ᠣᠳᠣ ᠨᠢᠭᠡᠨᠲᠡ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠪᠣᠯᠣᠨ ᠠᠯᠢ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠬᠠᠮᠲᠤᠷᠠᠨ ᠬᠥᠳᠡᠯᠦᠯᠴᠡᠬᠦ ᠳᠡᠭᠡᠭᠰᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠨᠠᠭᠠᠳᠤ ᠵᠠᠬ᠎ᠠ ᠳᠠᠭᠠᠨ ᠬᠤᠶᠠᠷ ᠵᠢᠯ ᠳᠤ ᠨᠢᠭᠡ ᠤᠳᠠᠭ᠎ᠠ ᠲᠣᠬᠢᠷᠠᠭᠤᠯᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠯᠭᠠᠵᠤ᠂ ᠠᠵᠢᠯ ᠠᠯᠳᠠᠭᠰᠠᠨ ᠬᠥᠮᠦᠰ ᠴᠥᠮ ᠴᠠᠭ ᠲᠤᠬᠠᠶ ᠳᠠᠭᠠᠨ᠂ ᠲᠤᠭ᠎ᠠ ᠶᠣᠰᠣᠭᠠᠷ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠢᠶᠠᠨ ᠣᠯᠵᠤ ᠴᠢᠳᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号