ᠣᠯᠠᠭᠠᠨᠴᠠᠪ ᠬᠤᠲᠠ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2017/8/25
    8 ᠳ᠋ᠤᠭᠠᠷ ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠴᠠᠪ ᠬᠤᠲᠠ ᠳᠤ ᠭᠦᠨᠵᠡᠭᠡᠶᠢᠷᠡᠨ᠂ ᠤᠯᠠᠭᠠᠨᠴᠠᠪ ᠬᠤᠳᠠ ᠶᠢᠨ ᠬᠡᠰᠡᠭ ᠬᠤᠰᠢᠭᠤ ᠰᠢᠶᠠᠨ ᠬᠤᠳᠠ ᠲᠣᠭᠤᠷᠢᠭ ᠤᠨ ᠴᠠᠬᠢᠯᠭᠠᠨ ᠬᠦᠴᠦᠨ ᠤ ᠪᠠᠷᠢᠯᠭ᠎ᠠ ᠶᠢᠨ ᠪᠥᠲᠦᠭᠡᠨ ᠪᠠᠶᠢᠭᠤᠯᠤᠯᠲᠠ ᠶᠢᠨ ᠠᠬᠢᠴᠠ᠂ ᠴᠠᠬᠢᠯᠭᠠᠨ ᠭᠠᠷᠭᠠᠬᠤ ᠦᠢᠯᠡᠳᠪᠦᠷᠢ ᠶᠢᠨ ᠠᠵᠢᠯᠯᠠᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠦ᠂ ᠪᠣᠳᠠᠲᠠᠶ ᠤᠴᠢᠷ ᠶᠠᠪᠤᠳᠠᠯ ᠢ ᠤᠯᠠᠮ ᠨᠢᠭᠡ ᠠᠯᠬᠤᠮ ᠵᠣᠯᠭᠠᠭᠤᠯᠬᠤ ᠰᠣᠯᠢᠯᠴᠠᠭ᠎ᠠ ᠬᠢᠪᠡ᠃     ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠹᠧᠢ ᠳ᠋ᠦᠩ ᠪᠢᠨ᠂ ᠬᠤᠳᠠ ᠶᠢᠨ ᠳᠡᠳ᠋ ᠳᠠᠷᠤᠭ᠎ᠠ ᠸᠠᠩ ᠭᠦᠸᠧ ᠰᠢᠶᠠᠩ ᠬᠤᠷᠠᠯ ᠳᠤ ᠣᠷᠣᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠬᠢᠯᠭᠠᠨ ᠬᠦᠴᠦᠨ ᠤ ᠠᠵᠤ ᠦᠢᠯᠡᠳᠪᠦᠷᠢ ᠪᠣᠯ ᠤᠯᠤᠰ ᠠᠷᠠᠳ ᠤᠨ ᠠᠵᠤ ᠠᠬᠤᠶ ᠶᠢᠨ ᠰᠠᠭᠤᠷᠢ ᠮᠥᠨ᠂ ᠤᠯᠤᠰ ᠣᠷᠣᠨ ᠢᠶᠠᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠳᠣᠲᠣᠷᠠᠬᠢ ᠭᠤᠣᠯᠳᠠᠯᠭ᠎ᠠ ᠪᠠ ᠵᠠᠮᠴᠢᠯᠠᠭᠴᠢ ᠠᠵᠤ ᠦᠢᠯᠡᠰ ᠪᠣᠯᠣᠨ᠎ᠠ᠃ ᠤᠷᠳᠤ ᠬᠤᠭᠤᠴᠠᠭᠠᠨ ᠤ ᠲᠤᠷᠰᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠦᠢᠯᠡᠴᠢᠯᠡᠭᠡᠨ ᠤ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠶᠢᠭᠡᠮ ᠳᠤ ᠬᠠᠷᠢᠭᠤᠴᠠᠬᠤ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠠᠵᠤ ᠠᠬᠤᠶ ᠶᠢᠨ ᠬᠥᠭᠵᠢᠯᠲᠡ ᠳᠤ ᠤᠬᠠᠮᠰᠠᠷ ᠠᠴᠠ ᠪᠠᠨ ᠦᠢᠯᠡᠴᠢᠯᠡᠵᠦ᠂ ᠴᠠᠬᠢᠯᠭᠠᠨ ᠬᠦᠴᠦᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠴᠠᠬᠢᠯᠭᠠᠨ ᠬᠠᠩᠭᠠᠯᠭ᠎ᠠ ᠶᠢᠨ ᠪᠠᠲᠤᠯᠠᠪᠤᠷᠢ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠠᠬᠢᠯᠭᠠᠨ ᠬᠦᠴᠦᠨ ᠤ ᠪᠠᠲᠤ ᠲᠦᠰᠢᠭ ᠲᠤᠯᠭᠠᠭᠤᠷᠢᠯᠠᠯ ᠣᠯᠭᠤᠪᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号