︽ᠭᠤᠷᠪᠠ ᠶᠢ ᠬᠥᠳᠡᠭᠡ ᠲᠣᠰᠬᠤᠨ ᠳᠤ ᠬᠦᠷᠦᠭᠦᠯᠬᠦ ᠭᠤᠷᠪᠠ ᠶᠢ ᠡᠷᠦᠬᠡ ᠳᠤ ᠬᠦᠷᠦᠭᠦᠯᠬᠦ︾ ᠶᠠᠳᠠᠭᠤ ᠶᠢ | ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢ ᠭᠤᠣᠯᠳᠠᠭᠤ ᠬᠢᠩᠭᠠᠨ ᠠᠶᠢᠮᠠᠭ ᠤᠨ ᠶᠠᠳᠠᠭᠤ ᠶᠢ ᠲᠡᠳᠬᠦᠬᠦ ᠠᠵᠤ | ᠦᠢᠯᠡᠰ ᠤᠨ ᠬᠥᠭᠵᠢᠭᠦᠯᠲᠠ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠮᠠᠰᠢ | ᠶᠡᠭᠡ ᠠᠮᠵᠢᠯᠲᠠ ᠣᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠠᠩᠬᠠᠨ ᠤ ᠬᠡᠯᠪᠡᠷᠢ ᠳᠥᠷᠬᠦ ᠶᠢ ᠪᠦᠷᠢᠯᠳᠦᠭᠦᠯᠪᠡ᠃ | ︽ᠠᠵᠤ ᠦᠢᠯᠡᠰ ᠢ ᠬᠥᠳᠡᠭᠡ ᠲᠣᠰᠬᠤᠨ ᠳᠤ ᠬᠦᠷᠦᠭᠦᠯᠬᠦ᠂ ᠡᠷᠦᠬᠡ ᠳᠤ ᠬᠦᠷᠲᠡᠯ᠎ᠡ ᠳᠡᠮᠵᠢᠬᠦ︾ ᠵᠠᠷᠴᠢᠮ ᠢ | ᠦᠨᠳᠦᠰᠦᠯᠡᠨ᠂ ᠬᠢᠩᠭᠠᠨ ᠠᠶᠢᠮᠠᠭ ᠣᠨᠴᠠᠯᠢᠭ ᠪᠥᠬᠦᠢ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠲᠡᠳᠬᠦᠨ ᠳᠡᠮᠵᠢᠬᠦ ᠭᠤᠣᠯᠳᠠᠯᠭ᠎ᠠ ᠪᠠᠨ ᠪᠣᠯᠭᠠᠵᠤ᠂ ᠬᠥᠳᠡᠭᠡ ᠲᠤᠰᠬᠤᠨ ᠤ ᠣᠨᠴᠠᠯᠢᠭ | ᠪᠦᠬᠦᠢ ᠠᠵᠤ ᠦᠢᠯᠡᠰ ᠤᠨ ᠬᠥᠭᠵᠢᠯᠲᠡ ᠶᠢ ᠪᠦᠬᠦ ᠲᠣᠰᠬᠤᠨ ᠢᠶᠠᠷ ᠨᠢ ᠲᠦᠯᠬᠢᠨ ᠠᠬᠢᠭᠤᠯᠬᠤ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰᠵᠢᠭᠦᠯᠦᠭᠰᠡᠨ ᠶᠠᠳᠠᠭᠤ ᠶᠢ ᠲᠡᠳᠬᠦᠬᠦ ᠲᠦᠷᠦᠯ ᠵᠦᠢᠯ ᠢᠶᠠᠷ ᠶᠠᠳᠠᠭᠤ | ᠬᠦᠴᠢᠷᠳᠡᠯ ᠲᠠᠢ ᠡᠷᠤᠬᠡ ᠶᠢ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠪᠠ᠃ ︽ 2017 ᠣᠨ ᠤ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ | ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠮᠡᠳᠡᠭᠳᠡᠯ︾ ︵ᠥᠪᠥᠷ ᠡᠳ᠋ ᠲᠠᠷᠢᠶᠠᠯᠠᠩ ﹇2017﹈ 363 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠣᠷᠴᠢᠮᠬᠠᠨ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ | 2017 ᠣᠨ ᠤ ᠬᠤᠶᠠᠳᠤᠭᠠᠷ ᠪᠦᠯᠦᠭ ︽ᠭᠤᠷᠪᠠ ᠶᠢ ᠬᠥᠳᠡᠭᠡ ᠲᠣᠰᠬᠤᠨ ᠳᠤ ᠬᠦᠷᠦᠭᠦᠯᠬᠦ ᠭᠤᠷᠪᠠ ᠶᠢ | ᠡᠷᠦᠬᠡ ᠳᠤ ᠬᠦᠷᠦᠭᠦᠯᠬᠦ︾ ᠶᠠᠳᠠᠭᠤ ᠶᠢ ᠲᠡᠳᠬᠦᠬᠦ ᠲᠥᠷᠥᠯ ᠵᠦᠶᠯ ᠤᠨ ᠮᠥᠩᠭᠦ ᠶᠢ 4698 ᠲᠦᠮᠡᠨ ᠲᠥᠭᠦᠷᠢᠭ | ᠪᠠᠭᠤᠯᠭᠠᠵᠤ᠂ ᠬᠢᠩᠭᠠᠨ ᠠᠶᠢᠮᠠᠭ ᠤᠨ ᠪᠦᠬᠦ ᠠᠶᠢᠮᠠᠭ ᠤᠨ ᠶᠠᠳᠠᠭᠤ ᠬᠦᠴᠢᠷᠳᠡᠯᠲᠡᠶ 384 ᠭᠠᠴᠠᠭ᠎ᠠ ᠲᠣᠰᠬᠤᠨ ᠤ ︽ | ᠭᠤᠷᠪᠠ ᠶᠢ ᠬᠥᠳᠡᠭᠡ ᠲᠣᠰᠬᠤᠨ ᠳᠤ ᠬᠦᠷᠦᠭᠦᠯᠬᠦ ᠭᠤᠷᠪᠠ ᠶᠢ ᠡᠷᠦᠬᠡ ᠳᠤ ᠬᠦᠷᠦᠭᠦᠯᠬᠦ ︾ ᠶᠠᠳᠠᠭᠤ ᠶᠢ ᠲᠡᠳᠬᠦᠬᠦ | ᠲᠥᠷᠥᠯ ᠵᠦᠶᠯ ᠤᠨ ᠬᠡᠷᠡᠭᠵᠢᠭᠦᠯᠦᠯᠲᠡ ᠳᠤ ᠬᠡᠷᠡᠭᠯᠡᠵᠦ᠂ ᠶᠠᠳᠠᠭᠤ ᠬᠦᠴᠢᠷᠳᠡᠯ ᠲᠠᠢ ᠲᠣᠰᠬᠤᠨ᠂ ᠶᠠᠳᠠᠭᠤ | ᠬᠦᠴᠢᠷᠳᠡᠯᠲᠡᠶ ᠡᠷᠦᠬᠡ ᠶᠢᠨ ᠶᠠᠳᠠᠭᠤᠷᠠᠭᠰᠠᠨ ᠰᠢᠯᠲᠠᠭᠠᠨ ᠳᠤ ᠴᠢᠭᠯᠡᠭᠦᠯᠦᠨ᠂ ᠴᠢᠭ᠋ ᠲᠣᠭᠲᠠᠭᠠᠨ᠂ ᠬᠥᠮᠦᠨ | ᠲᠣᠭᠲᠠᠭᠠᠨ᠂ ᠬᠠᠷᠢᠭᠤᠴᠠᠯᠭ᠎ᠠ ᠲᠣᠭᠲᠠᠭᠠᠬᠤ ᠠᠷᠭ᠎ᠠ ᠶᠢ ᠠᠪᠴᠤ᠂ ᠴᠠᠴᠠᠨ ᠣᠨᠢᠯᠠᠬᠤ ᠲᠣᠭᠲᠠᠴᠠ ᠶᠢ ᠪᠠᠶᠢᠭᠤᠯᠤᠨ᠂ | ︽ᠲᠤᠰᠤᠯᠲᠠ ᠵᠠᠰᠠᠯᠭ᠎ᠠ︾ ᠶᠢᠨ ᠠᠷᠭ᠎ᠠ ᠪᠠᠷ ︽ᠨᠢᠭᠡ ᠭᠠᠴᠠᠭ᠎ᠠ ᠳᠤ ᠨᠢᠭᠡ ᠪᠤᠳᠤᠯᠭ᠎ᠠ᠂ ᠨᠢᠭᠡ ᠡᠷᠦᠬᠡ ᠳᠤ ᠨᠢᠭᠡ | ᠠᠷᠭ᠎ᠠ ᠠᠪᠬᠤ︾ ᠲᠦᠷᠦᠯ ᠬᠤᠪᠢᠶᠠᠨ ᠲᠡᠳᠬᠦᠨ ᠳᠡᠮᠵᠢᠬᠦ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ | ᠲᠣᠰᠬᠤᠨ ᠶᠠᠳᠠᠭᠤ ᠬᠦᠴᠢᠷᠳᠡᠯ ᠲᠠᠢ ᠡᠷᠦᠬᠡ ᠪᠠᠷ ᠲᠥᠯᠥᠪᠯᠡᠵᠦ᠂ ᠲᠥᠷᠥᠯ ᠵᠦᠢᠯ ᠢ ᠲᠥᠯᠥᠪᠵᠢᠭᠦᠯᠭᠡ ᠳᠤ | ᠳᠠᠭᠠᠭᠤᠯᠵᠤ᠂ ᠺᠠᠳ᠋ᠷ ᠨᠢ ᠲᠥᠷᠥᠯ ᠵᠦᠢᠯ ᠢ ᠳᠠᠭᠠᠵᠤ᠂ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠲᠥᠷᠥᠯ ᠵᠦᠢᠯ᠂ | ᠺᠠᠳ᠋ᠷ ᠬᠢᠭᠡᠳ ᠲᠡᠳᠬᠦᠭᠦᠯᠦᠰᠡᠳ ᠤᠨ ᠵᠠᠶ ᠵᠠᠪᠰᠠᠷ ᠥᠭᠡᠢ ᠵᠣᠯᠭᠠᠯᠳᠤᠭᠤᠯᠵᠤ᠂ ᠶᠠᠳᠠᠭᠤ ᠶᠢ ᠲᠡᠳᠬᠦᠨ ᠨᠡᠭᠡᠭᠡᠨ | ᠬᠥᠭᠵᠢᠭᠦᠯᠬᠦ ᠠᠵᠢᠯ ᠤᠨ ᠨᠠᠷᠢᠯᠢᠭ ᠣᠨᠣᠪᠴᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠶᠠᠳᠠᠭᠤ | ᠬᠦᠴᠢᠷᠳᠡᠯ ᠲᠠᠢ ᠬᠥᠮᠦᠨ ᠠᠮᠠ ᠶᠢ ᠡᠷᠲᠡᠬᠡᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ ᠪᠤᠢ᠃ |