ᠠᠷᠪᠠᠨ ᠨᠠᠢᠮᠠᠳᠤᠭᠠᠷ ᠶᠡᠭᠡ ᠬᠤᠷᠠᠯ ᠤᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠮᠠᠯᠴᠢᠨ | ᠲᠠᠷᠢᠶᠠᠴᠢᠨ ᠤ ᠬᠠᠳᠠᠭᠠᠯᠠᠮᠵᠢ ᠶᠢᠨ ᠵᠣᠭᠤᠰ ᠪᠣᠯᠤᠨ ᠡᠯ᠎ᠡ ᠵᠦᠢᠯ ᠤᠨ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ | ᠢᠯᠡᠳᠲᠡ ᠨᠡᠮᠡᠭᠳᠡᠵᠦ᠂ ᠢᠯᠠᠩᠭᠤᠶ᠎ᠠ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠨ ᠰᠢᠯᠵᠢᠭᠦᠯᠦᠨ | ᠳᠠᠭᠠᠭᠠᠴᠢᠯᠠᠭᠤᠯᠬᠤ ᠭᠠᠵᠠᠷ ᠰᠢᠷᠣᠶ ᠶᠢᠨ ᠡᠷᠭᠢᠯᠳᠦᠭᠦᠯᠦᠯ ᠨᠢ ᠮᠠᠯᠴᠢᠨ ᠲᠠᠷᠢᠶᠠᠴᠢᠳ ᠤᠨ ᠣᠷᠣᠯᠭ᠎ᠠ ᠳᠤ ᠨᠡᠩ ᠶᠡᠭᠡ | ᠣᠷᠣᠨ ᠵᠠᠶ ᠣᠯᠭᠤᠵᠠᠢ᠃ ᠤᠯᠠᠭᠠᠨᠬᠠᠳᠠ ᠪᠠᠶᠢᠴᠠᠭᠠᠬᠤ ᠠᠩᠬᠢ ᠶᠢᠨ ᠰᠤᠭᠤᠴᠠᠨ ᠪᠠᠶᠢᠴᠠᠭᠠᠯᠲᠠ ᠶᠢ ᠦᠨᠳᠦᠰᠦᠯᠡᠪᠡᠯ᠂ | 2016 ᠣᠨ ᠳᠤ᠂ ᠮᠠᠯᠴᠢᠨ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠡᠳ᠋ ᠬᠦᠷᠦᠩᠭᠡ ᠶᠢᠨ ᠴᠡᠪᠡᠷ | ᠣᠷᠣᠯᠭ᠎ᠠ ᠨᠢ 128 ᠲᠥᠭᠦᠷᠢᠭ ᠪᠣᠯᠵᠤ᠂ 2012 ᠣᠨ ᠳᠤ 98 ᠲᠥᠭᠦᠷᠢᠭ ᠪᠠᠶᠢᠭᠰᠠᠨ ᠠᠴᠠ ᠪᠠᠨ 30 | ᠲᠥᠭᠦᠷᠢᠭ ᠨᠡᠮᠡᠭᠳᠡᠨ᠂ 30.6% ᠨᠡᠮᠡᠭᠳᠡᠵᠦ᠂ ᠵᠢᠯ ᠪᠦᠷᠢ ᠳᠤᠮᠳᠠᠴᠢ ᠪᠠᠷ 5.5% ᠨᠡᠮᠡᠭᠳᠡᠭᠰᠡᠨ ᠪᠠᠶᠢᠨ᠎ᠠ᠃ | ᠲᠠᠷᠢᠶᠠᠯᠠᠩ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2016 ᠣᠨ ᠳᠤ ᠤᠯᠠᠭᠠᠨᠬᠠᠳᠠ | ᠬᠤᠲᠠ ᠶᠢᠨ ᠭᠠᠵᠠᠷ ᠰᠢᠷᠣᠶ ᠶᠢ ᠡᠷᠭᠢᠯᠳᠦᠭᠦᠯᠦᠭᠰᠡᠨ ᠶᠡᠷᠦᠩᠬᠡᠶ ᠲᠠᠯᠠᠪᠠᠶ ᠨᠢ 617 ᠲᠦᠮᠡᠨ ᠮᠥ ᠳᠤ ᠬᠦᠷᠴᠦ᠂ | ᠳᠡᠭᠡᠷ᠎ᠡ ᠵᠢᠯ ᠤᠨ ᠬᠢ ᠠᠴᠠ 184 ᠲᠦᠮᠡᠨ ᠮᠦ ᠨᠡᠮᠡᠭᠳᠡᠵᠦ᠂ ᠭᠠᠵᠠᠷ ᠰᠢᠷᠣᠶ ᠶᠢᠨ ᠡᠷᠭᠢᠯᠳᠦᠭᠦᠯᠦᠯ ᠤᠨ ᠨᠤᠷᠮ᠎ᠠ ᠨᠢ | 42.9% ᠳᠤ ᠬᠦᠷᠪᠡ᠃ |