ᠥᠪᠥᠷ ᠮᠣᠩᠭᠤᠯ ᠤᠨ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠤᠨ ᠲᠠᠯᠠᠪᠠᠢ ᠲᠤᠰ ᠪᠦᠷᠢ 625 ᠲᠦᠮᠡᠨ ᠮᠦ ᠪᠠ 515 ᠲᠦᠮᠡᠨ ᠮᠦ ᠪᠠᠭᠠᠰᠪᠠ
ᠨᠡᠶᠢᠲᠡᠯᠡᠭᠰᠡᠨ ᠴᠠᠭ᠄
2017/8/30
ᠥᠪᠥᠷ ᠮᠣᠩᠭᠤᠯ ᠤᠨ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠤᠨ ᠲᠠᠯᠠᠪᠠᠢ ᠲᠤᠰ ᠪᠦᠷᠢ 625 ᠲᠦᠮᠡᠨ ᠮᠦ ᠪᠠ 515 ᠲᠦᠮᠡᠨ ᠮᠦ ᠪᠠᠭᠠᠰᠪᠠ      ᠲᠠᠪᠤᠳᠤᠭᠠᠷ ᠤᠳᠠᠭᠠᠨ ᠤ ᠪᠦᠬᠦ ᠤᠷᠤᠨ ᠤ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠤᠨ ᠬᠢᠨᠡᠨ ᠭᠡᠮᠵᠢᠯᠳᠠ ᠳᠤ ᠬᠠᠷᠠᠭᠤᠯᠤᠭᠰᠠᠨ ᠢᠶᠠᠷ᠂ ᠮᠠᠨ ᠤ ᠤᠷᠤᠨ ᠤ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠤᠨ ᠲᠠᠯᠠᠪᠠᠢ 15 ᠵᠢᠯ ᠲᠠᠷᠡᠭᠠᠯᠠᠨ ᠪᠠᠭᠠᠰᠴᠦ᠂ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠲᠤᠰ ᠪᠦᠷᠢ 625 ᠲᠦᠮᠡᠨ ᠮᠦ ᠪᠠ 515 ᠲᠦᠮᠡᠨ ᠮᠦ ᠪᠠᠭᠠᠰᠴᠦ᠂ ᠪᠠᠭᠠᠰᠤᠬᠰᠠᠨ ᠲᠠᠯᠠᠪᠠᠢ ᠪᠠᠷ ᠪᠦᠬᠦ ᠤᠯᠤᠰ ᠲᠤ ᠲᠦᠷᠦᠬᠦᠯᠡᠨ ᠠᠮᠢ ᠠᠬᠤᠢ ᠶᠢᠨ ᠪᠠᠶᠢᠳᠠᠯ ᠮᠠᠭᠤᠳᠠᠬᠤ ᠬᠠᠨᠳᠤᠰᠢ ᠪᠦᠳᠦᠮᠵᠢᠳᠠᠢ ᠪᠠᠷ ᠬᠤᠷᠢᠬᠯᠠᠭᠳᠠᠭᠰᠠᠨ ᠪᠠᠶᠢᠨ᠎ᠠ᠃      ᠮᠠᠨ ᠤ ᠤᠷᠤᠨ ᠪᠤᠯ ᠪᠦᠬᠦ ᠤᠯᠤᠰ ᠤᠨ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠬᠠᠮᠤᠭ ᠤᠨ ᠲᠦᠪᠯᠡᠷᠡᠭᠰᠡᠨ᠂ ᠬᠤᠤᠷ ᠬᠦᠨᠦᠭᠡᠯ ᠬᠠᠮᠤᠭ ᠤᠨ ᠬᠦᠨᠳᠦ ᠨᠤᠴᠢᠳᠠᠢ ᠮᠤᠵᠢ ᠤᠷᠤᠨ ᠤ ᠨᠢᠭᠡ ᠪᠤᠯᠤᠨ᠎ᠠ᠃ ᠪᠦᠬᠦ ᠤᠯᠤᠰ ᠤᠨ ᠵᠢᠷᠭᠤᠭᠠᠨ ᠶᠡᠭᠡ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ ᠢ ᠪᠦᠬᠦᠨ ᠢ ᠪᠦᠷᠬᠦᠬᠦᠯᠦᠭᠰᠡᠨ ᠴᠤᠷ ᠤᠨ ᠭᠠᠭᠴᠠ ᠮᠤᠵᠢ ᠤᠷᠤᠨ ᠤ ᠨᠢᠭᠡ ᠪᠤᠯᠤᠭᠰᠠᠨ ᠤ ᠬᠤᠪᠢ ᠳᠤ᠂ ᠥᠪᠦᠷ ᠮᠤᠩᠭᠤᠯ ᠡᠩ ᠲᠡᠷᠢᠬᠦᠨ ᠳᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠳ ᠢ ᠭᠡᠷᠡᠭᠵᠢᠬᠦᠯᠵᠦ᠂ ᠡᠯᠡᠰᠦ ᠶᠢ ᠰᠡᠷᠬᠡᠶᠢᠯᠡᠵᠤ ᠡᠯᠡᠰᠦ ᠶᠢ ᠵᠠᠰᠠᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠪᠦᠬᠦ ᠠᠷᠠᠳ ᠢᠶᠠᠷ ᠢᠶᠠᠨ ᠬᠠᠷᠢᠭᠤᠴᠠᠯᠭ᠎ᠠ ᠪᠠᠨ ᠬᠦᠢᠴᠡᠳᠭᠡᠵᠦ᠂ ᠪᠦᠬᠦ ᠨᠡᠶᠢᠭᠡᠮ ᠢᠶᠠᠷ ᠢᠶᠠᠨ ᠤᠷᠤᠯᠴᠠᠬᠤ ᠶᠢ ᠪᠠᠷᠢᠮᠳᠠᠯᠠᠨ ᠡᠯᠡᠰᠦ ᠶᠢ ᠰᠡᠷᠬᠡᠶᠢᠯᠡᠵᠤ ᠡᠯᠡᠰᠦ ᠶᠢ ᠵᠠᠰᠠᠬᠤ ᠠᠵᠢᠯ ᠳᠤ ᠢᠯᠠᠷᠭᠡᠢ ᠠᠮᠵᠢᠯᠳᠠ ᠤᠯᠵᠠᠢ᠃ ᠤᠳᠤᠬᠠᠨ ᠳᠤ᠂ ᠪᠦᠬᠦ ᠤᠷᠤᠨ ᠤ 2/3 ᠰᠢᠬᠠᠮ ᠤᠨ ᠲᠠᠷᠢᠶᠠᠨ ᠭᠠᠵᠠᠷ ᠤᠢ ᠶᠢᠨ ᠲᠤᠤᠷ ᠲᠤ ᠬᠠᠮᠠᠭᠠᠯᠠᠬᠳᠠᠨ 1.5 ᠳ᠋ᠦᠩᠰᠢᠭᠤᠷ ᠮᠦ ᠦᠨᠳᠦᠰᠦᠨ ᠨᠤᠳᠤᠭ ᠪᠡᠯᠴᠢᠭᠡᠷ ᠤᠢ ᠮᠤᠳᠦ ᠳᠤ ᠬᠠᠮᠠᠭᠠᠯᠠᠬᠳᠠᠵᠦ᠂ ᠡᠯᠡᠰᠤ ᠮᠠᠩᠬᠠᠨ ᠳᠤ ᠬᠦᠨᠦᠬᠡᠭᠳᠡᠭᠰᠡᠨ 2.6 ᠳ᠋ᠦᠩᠰᠢᠭᠤᠷ ᠮᠦ ᠭᠠᠵᠠᠷ ᠪᠤᠯᠤᠨ ᠤᠰᠤ ᠬᠦᠷᠦᠰᠤᠨ ᠳᠤ ᠢᠳᠡᠭᠳᠡᠭᠰᠡᠨ 1.5 ᠳ᠋ᠦᠩᠰᠢᠭᠤᠷ ᠮᠦ ᠭᠠᠵᠠᠷ ᠠᠩᠬ᠎ᠠ ᠠᠯᠬᠤᠮ ᠵᠠᠰᠠᠬᠳᠠᠵᠦ᠂ ᠵᠢᠯ ᠪᠦᠷᠢ ᠶᠢᠨ ᠬᠠᠳᠤᠨ ᠭᠤᠤᠯ ᠳᠤ ᠤᠷᠤᠰᠬᠠᠭᠳᠠᠨ ᠤᠷᠤᠬᠤ ᠡᠯᠡᠰᠦ ᠰᠢᠪᠠᠷ 1.8ᠲᠤᠨ ᠪᠠᠭᠠᠰᠤᠭᠰᠠᠨ ᠪᠠᠶᠢᠨ᠎ᠠ᠃ ᠲᠠᠪᠤᠨ ᠶᠡᠭᠡ ᠡᠯᠡᠰᠦ ᠶᠢᠨ ᠡᠷᠬᠢᠨ ᠲᠤᠭᠤᠷᠢᠨ ᠤ ᠭᠤᠤᠯᠳᠠᠯᠭ᠎ᠠ ᠲᠠᠢ ᠵᠠᠰᠠᠯᠳᠠ ᠶᠢᠨ ᠤᠷᠤᠨ ᠪᠦᠰᠨ ᠳᠤ ᠡᠯᠡᠰᠦ ᠮᠠᠩᠬᠠᠨ ᠤ ᠲᠠᠯᠠᠪᠠᠢ ᠦᠷᠭᠡᠵᠢᠬᠦ ᠦᠵᠡᠭᠳᠡᠯ ᠬᠤᠷᠢᠬᠯᠠᠬᠳᠠᠵᠦ᠂ ᠡᠯᠡᠰᠦ ᠮᠠᠩᠬᠠᠨ ᠤ ᠲᠠᠯᠠᠪᠠᠢ ᠬᠠᠷᠢᠴᠠᠩᠭᠤᠢ ᠪᠠᠷ ᠲᠤᠭᠳᠠᠭᠤᠨ ᠪᠤᠯᠵᠠᠢ᠃ ᠲᠠᠪᠤᠨ ᠶᠡᠭᠡ ᠡᠯᠡᠰᠦᠷᠭᠡᠭ ᠭᠠᠵᠠᠷ ᠤᠨ ᠤᠢ ᠰᠢᠭᠤᠢ ᠡᠪᠡᠰᠦᠨ ᠤ ᠪᠦᠷᠬᠦᠴᠡ ᠶᠢᠨ ᠭᠡᠮᠵᠢᠶ᠎ᠠ ᠴᠦᠮ ᠲᠠᠬᠡᠭᠰᠢᠯᠡᠵᠤ᠂ ᠡᠯᠡᠰᠦᠷᠭᠡᠭ ᠭᠠᠵᠠᠷ ᠠᠪᠴᠢᠨ ᠤᠰᠤ ᠬᠦᠷᠦᠰᠦ ᠶᠢᠨ ᠢᠳᠡᠭᠳᠡᠯ ᠤᠨ ᠲᠠᠯᠠᠪᠠᠢ ᠠᠭᠠᠵᠢᠮ ᠢᠶᠠᠷ ᠪᠠᠭᠠᠰᠴᠦ᠂ ᠵᠠᠰᠠᠯᠳᠠ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠮᠡᠳᠡᠭᠳᠡᠮ᠎ᠠ ᠰᠠᠶᠢᠵᠢᠷᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号