ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ 8 ᠳ᠋ᠤᠭᠠᠷ ᠰᠠᠷ᠎ᠠ ᠶᠢᠨ 31 ᠤ ᠡᠳᠤᠷ | ᠬᠤᠷᠠᠯ ᠬᠤᠷᠠᠯᠳᠤᠭᠤᠯᠵᠥ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠦᠪ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠢ | ᠰᠤᠳᠤᠯᠪᠠ᠃ ᠨᠠᠮ ᠤᠨ ᠲᠦᠪ ᠬᠤᠷᠢᠶ᠎ᠠ ᠶᠢᠨ ᠶᠡᠷᠤᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃ | ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠢ 2017 ᠣᠨ ᠤ 10 ᠳ᠋ᠤᠭᠠᠷ ᠰᠠᠷ᠎ᠠ ᠶᠢᠨ 11 ᠤ ᠡᠳᠤᠷ | ᠪᠡᠭᠡᠵᠢᠩ ᠳᠤ ᠬᠤᠷᠠᠯᠳᠤᠭᠤᠯᠤᠨ᠎ᠠ᠃ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠠᠴᠠ ᠨᠠᠮ | ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠳᠤ ᠲᠤᠮᠳᠠᠳᠤ | ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ | ᠶᠡᠭᠡ ᠬᠤᠷᠠᠯ ᠢ 2017 ᠣᠨ ᠤ 10 ᠰᠠᠷ᠎ᠠ ᠶᠢᠨ 18 ᠤ ᠡᠳᠤᠷ ᠪᠡᠭᠡᠵᠢᠩ ᠳᠤ ᠬᠤᠷᠠᠯᠳᠤᠭᠤᠯᠬᠤ ᠪᠠᠷ | ᠰᠠᠨᠠᠭᠤᠯᠬᠤ ᠪᠤᠯᠤᠨ᠎ᠠ᠃ | ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ | ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠤ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠦᠭᠵᠢᠯᠳᠡ ᠶᠢᠨ ᠵᠠᠩᠬᠢᠯᠠᠭ᠎ᠠ | ᠶᠢᠨ ᠦᠶ᠎ᠠ ᠳᠤ ᠬᠤᠷᠠᠯᠳᠤᠬᠤ ᠨᠢᠬᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠶᠡᠭᠡ | ᠬᠤᠷᠠᠯ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ | ᠮᠠᠨᠳᠤᠭᠤᠯᠵᠥ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ | ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ | ᠦᠵᠡᠯᠳᠡ ᠪᠠᠷ ᠵᠢᠯᠤᠭᠤᠳᠤᠯᠭ᠎ᠠ ᠪᠤᠯᠭᠠᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ | ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ ᠶᠢᠨ ᠲᠦᠷᠦ ᠶᠢ ᠵᠠᠰᠠᠵᠥ ᠵᠠᠰᠠᠭ ᠢ ᠡᠷᠬᠢᠯᠡᠬᠦ ᠰᠢᠨ᠎ᠡ | ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠥ᠂ ᠦᠩᠭᠡᠷᠡᠭᠰᠡᠡ 5 ᠵᠢᠯ | ᠤᠨ ᠠᠵᠢᠯ ᠢ ᠨᠠᠷᠢᠨ ᠬᠢᠨᠠᠮᠠᠭᠠᠢ ᠳ᠋ᠦᠩᠨᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ | ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠪᠦᠬᠦ ᠨᠠᠮ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠪᠦᠯᠬᠦᠮᠳᠡᠬᠦᠯᠥᠨ ᠲᠠᠶᠢᠴᠢᠯᠠᠵᠥ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠥᠭᠰᠡᠡ ᠲᠡᠤᠬᠡᠨ ᠶᠠᠪᠤᠴᠠ ᠪᠤᠯᠤᠨ ᠡᠷᠬᠢᠮ ᠨᠠᠨᠳᠢᠨ | ᠲᠤᠷᠰᠢᠯᠭ᠎ᠠ ᠶᠢ ᠡᠷᠬᠢᠴᠡᠬᠦᠯᠥᠨ ᠳ᠋ᠦᠩᠨᠡᠵᠥ᠂ ᠤᠳᠤᠬᠠᠨ ᠤ ᠲᠡᠯᠡᠬᠡᠢ ᠶᠢᠨ ᠪᠡ ᠤᠯᠤᠰ ᠤᠨ ᠲᠤᠳᠤᠭᠠᠳᠤ ᠶᠢᠨ | ᠪᠠᠶᠢᠳᠠᠯ ᠳᠤ ᠬᠦᠨᠵᠡᠬᠡᠢ ᠵᠠᠳᠠᠯᠤᠯᠳᠡ ᠬᠢᠵᠥ᠂ ᠨᠠᠮ ᠪᠠ ᠤᠯᠤᠰ ᠤᠨ ᠦᠢᠯᠡᠰ ᠤᠨ ᠬᠦᠭᠵᠢᠯᠳᠡ ᠶᠢᠨ ᠰᠢᠨ᠎ᠡ | ᠱᠠᠭᠠᠷᠳᠠᠯᠭ᠎ᠠ ᠪᠤᠯᠤᠨ ᠠᠷᠠᠳ ᠤᠯᠠᠨ ᠤ ᠰᠢᠨ᠎ᠡ ᠬᠦᠰᠡᠯ ᠪᠠᠷᠠᠯᠠᠯ ᠢ ᠪᠦᠬᠦ ᠲᠠᠯ᠎ᠠ ᠪᠠᠷ ᠡᠵᠡᠮᠳᠡᠨ᠂ ᠴᠠᠭ ᠦᠶ᠎ᠡ ᠶᠢᠨ | ᠱᠠᠭᠠᠷᠳᠠᠯᠭ᠎ᠠ ᠳᠤ ᠲᠤᠬᠢᠷᠠᠭᠰᠠᠠ ᠠᠵᠢᠯᠯᠠᠭ᠎ᠠ ᠶᠢᠨ ᠬᠦᠳᠦᠯᠪᠤᠷᠢ ᠪᠤᠯᠤᠨ ᠶᠡᠭᠡ ᠪᠤᠳᠤᠯᠭ᠎ᠠ ᠴᠢᠭᠯᠡᠯᠳᠡ ᠶᠢ | ᠲᠤᠭᠳᠠᠭᠠᠵᠥ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠤᠨ ᠢᠳᠡᠬᠡᠯ᠂ ᠤᠨᠤᠯ ᠤᠨ ᠢᠳᠡᠭᠡᠯ᠂ | ᠪᠠᠶᠢᠭᠤᠯᠤᠯ ᠤᠨ ᠢᠳᠡᠬᠡᠯ ᠪᠠ ᠰᠤᠶᠤᠯ ᠤᠨ ᠢᠳᠡᠬᠡᠯ ᠢ ᠪᠠᠳᠤᠳᠬᠠᠵᠥ᠂ ︽ᠲᠠᠪᠤ ᠶᠢ ᠨᠢᠬᠡ ᠴᠤᠭᠴᠠᠵᠢᠭᠤᠯᠬᠤ︾ | ᠶᠡᠷᠤᠩᠬᠡᠢ ᠪᠠᠶᠢᠷᠢᠰᠢᠭᠤᠯᠤᠯᠳᠠ ᠶᠢ ᠦᠷᠬᠦᠯᠵᠢᠯᠡᠨ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ︽ᠲᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠨᠠᠮ ᠤᠨ | ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠬᠦᠯᠵᠢᠯᠡᠨ ᠠᠬᠢᠭᠤᠯᠵᠥ᠂ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠰᠢᠨ᠎ᠡ ᠪᠠᠶᠢᠳᠠᠯ ᠢ ᠴᠢᠷᠮᠡᠶᠢᠨ ᠨᠡᠬᠡᠬᠡᠨ ᠡᠬᠦᠳᠬᠦ ᠶᠢᠨ ᠲᠦᠯᠥᠬᠡ ᠪᠦᠯᠬᠦᠮᠳᠡᠨ ᠲᠡᠮᠡᠴᠡᠬᠦ | ᠪᠤᠯᠤᠨ᠎ᠠ ᠬᠡᠵᠥ ᠴᠢᠬᠤᠯᠠᠴᠢᠯᠠᠪᠠ᠃ | ᠶᠡᠭᠡ ᠬᠤᠷᠠᠯ ᠠᠴᠠ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠨ᠎ᠠ᠃ | ᠬᠤᠷᠠᠯ ᠠᠴᠠ᠂ ᠤᠳᠤᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠤᠷᠤᠭᠰᠢᠳᠠᠢ | ᠶᠠᠪᠤᠭᠳᠠᠵᠥ ᠪᠠᠶᠢᠨ᠎ᠠ᠂ ᠶᠡᠭᠡ ᠬᠤᠷᠠᠯ ᠤᠨ ᠪᠡᠯᠡᠳᠬᠡᠯ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ ᠰᠠᠶᠢᠳᠤᠷ | ᠬᠢᠵᠥ᠂ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠥ ᠵᠢᠭᠠᠵᠥ | ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠠᠵᠠᠢ᠃ |