ᠯᠢ ᠵᠢᠢ ᠾᠧᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠬᠯᠠᠭᠠᠨ ᠳᠤ ᠤᠷᠤᠯᠴᠠᠬᠰᠠᠨ ᠮᠠᠨ ᠤ ᠤᠷᠤᠨ ᠤ ᠪᠡᠶ᠎ᠠ ᠶᠢᠨ ᠲᠡᠮᠢᠷ ᠤᠨ ᠲᠦᠯᠦᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠠ ︽ᠬᠤᠤᠰ ᠲᠡᠷᠢᠬᠦᠨ︾᠎ ᠤ ᠲᠦᠯᠦᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2017/9/11
     ᠯᠢ ᠵᠢᠢ ᠾᠧᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠬᠯᠠᠭᠠᠨ ᠳᠤ ᠤᠷᠤᠯᠴᠠᠬᠰᠠᠨ ᠮᠠᠨ ᠤ ᠤᠷᠤᠨ ᠤ ᠪᠡᠶ᠎ᠠ ᠶᠢᠨ ᠲᠡᠮᠢᠷ ᠤᠨ ᠲᠦᠯᠦᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠠ ︽ᠬᠤᠤᠰ ᠲᠡᠷᠢᠬᠦᠨ︾᠎ ᠤ ᠲᠦᠯᠦᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠᠴᠢᠯᠠᠬᠰᠠᠨ ᠨᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠬᠯᠠᠭᠠᠨ ᠢᠶᠠᠷ ᠰᠢᠨ᠎ᠠ ᠭᠠᠷᠤᠭ᠎ᠠ ᠪᠤᠯᠭᠠᠵᠤ ᠦᠪᠦᠷ ᠮᠤᠩᠭᠤᠯ ᠤᠨ ᠪᠡᠶ᠎ᠠ ᠶᠢᠨ ᠲᠠᠮᠢᠷ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ            ᠪᠦ᠋ ᠰᠢᠶᠤᠤ ᠯᠢᠨ ᠠᠭᠤᠯᠵᠠᠯᠳᠠ ᠳᠤ ᠤᠷᠤᠯᠴᠠᠵᠠᠢ
     9 ᠳ᠋ᠤᠭᠡᠷ ᠰᠠᠷ᠎ᠠ ᠶᠢᠨ 10᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠬᠯᠠᠭᠠᠨ ᠳᠤ ᠤᠷᠤᠯᠴᠠᠬᠰᠠᠨ ᠮᠠᠨ ᠤ ᠤᠷᠤᠨ ᠤ ᠪᠡᠶ᠎ᠠ ᠶᠢᠨ ᠲᠡᠮᠢᠷ ᠤᠨ ᠲᠦᠯᠦᠭᠡᠯᠡᠭᠴᠢᠳ ᠤᠨ ᠪᠦᠯᠬᠦᠮ ᠤᠨ ᠪᠦᠷᠢᠯᠳᠦᠭᠦᠨ ᠨᠠᠷ ᠪᠠ ᠤᠯᠤᠰ ᠤᠨ ᠬᠦᠬᠢᠭᠦᠯᠦᠯ ᠰᠠᠶᠢᠰᠢᠶᠠᠯ ᠢ ᠬᠦᠷᠳᠡᠭᠰᠡᠨ ᠪᠡᠶ᠎ᠠ ᠶᠢᠨ ᠲᠡᠮᠢᠷ ᠤᠨ ᠲᠡᠷᠢᠭᠦᠨ ᠤ ᠨᠢᠭᠡᠴᠡ ᠪᠤᠯᠤᠨ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠠᠭᠤᠯᠵᠠᠵᠤ᠂ ᠤᠯᠠᠨ ᠤ ᠤᠯᠤᠬᠰᠠᠨ ᠰᠢᠯᠢᠳᠡᠭ ᠬᠢᠷᠢ ᠪᠦᠳᠦᠮᠵᠢ ᠳᠤ ᠪᠠᠶᠠᠷ ᠬᠦᠷᠭᠡᠭᠦ ᠶᠢᠨ ᠬᠠᠮᠳᠤ᠂ ᠪᠦᠬᠦ ᠲᠠᠮᠢᠷᠴᠢᠨ᠂ ᠲᠠᠰᠬᠠᠯᠵᠢᠭᠤᠯᠤᠬᠴᠢᠳ ᠪᠤᠯᠤᠨ ᠦᠷᠭᠡᠨ ᠤᠯᠠᠨ ᠪᠡᠶ᠎ᠠ ᠶᠢᠨ ᠲᠡᠮᠢᠷ ᠤᠨ ᠠᠵᠢᠯᠳᠠᠳ ᠲᠤ ᠲᠤᠳᠤᠨᠤ ᠮᠡᠨᠳᠦᠴᠢᠯᠡᠯ ᠲᠡᠪᠰᠢᠭᠦᠯᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠯᠦᠸᠧ ᠶᠦᠩ ᠭᠠᠩ᠂ ᠬᠤᠷᠴᠠ᠂ ᠳ᠋ᠦᠩ ᠾᠧᠩ ᠢᠤᠢ ᠠᠭᠤᠯᠵᠠᠯᠳᠠ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠦ ᠰᠢᠨ ᠯᠧ ᠠᠭᠤᠯᠵᠠᠯᠳᠠ ᠶᠢ ᠡᠷᠬᠢᠯᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠠᠯᠪᠠᠯᠠᠬᠤ ᠲᠤᠭᠤᠷᠢᠭ ᠤᠨ ᠬᠤᠷᠠᠯ ᠤᠨ ᠲᠦᠪ ᠤᠨ ᠶᠡᠭᠡ ᠲᠢᠩᠬᠢᠮ ᠳᠤ᠂ ᠪᠠᠶᠠᠷ ᠬᠦᠷ ᠬᠦᠭᠵᠢᠶᠡᠨ ᠨᠠᠷᠭᠢᠶᠠᠨ ᠢᠶᠠᠷ ᠪᠢᠯᠬᠠᠨ᠂ ᠠᠭᠤᠯᠵᠠᠯᠳᠠ ᠳᠤ ᠤᠷᠤᠯᠴᠠᠬᠰᠠᠨ ᠲᠦᠯᠦᠭᠡᠯᠡᠭᠴᠢᠳ ᠤᠷᠮ᠎ᠠ ᠰᠡᠳᠬᠢᠯᠭᠡ ᠬᠦᠭᠵᠢᠩᠭᠦᠢ᠂ ᠴᠤᠭ ᠰᠦᠯᠳᠡ ᠪᠠᠳᠠᠷᠠᠩᠭᠤᠢ᠂ ᠵᠠᠷᠢᠮ ᠨᠢ ᠡᠩᠭᠡᠷ ᠲᠡᠭᠡᠨ ᠭᠡᠷᠡᠯ ᠰᠠᠴᠤᠷᠠᠭᠰᠠᠨ ᠱᠠᠩᠨᠠᠯ ᠤᠨ ᠮᠧᠳᠠᠯ ᠵᠡᠭᠦᠭᠰᠡᠨ ᠪᠠᠶᠢᠯ᠎ᠠ᠃ ᠦᠳᠡ ᠶᠢᠨ ᠡᠮᠦᠨᠡᠬᠢ 11 ᠴᠠᠭ ᠤᠨ ᠦᠶ᠎ᠠ ᠪᠠᠷ᠂ ᠯᠢ ᠵᠢᠢ ᠾᠧᠩ᠂ ᠪᠦ᠋ ᠰᠢᠶᠤᠤ ᠯᠢᠨ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠠᠳᠡ ᠢᠷᠡᠵᠤ᠂ ᠤᠯᠠᠨ ᠲᠠᠢ ᠲᠤᠳᠤᠨᠤ ᠪᠠᠷ ᠭᠠᠷ ᠠᠳᠬᠤᠨ᠂ ᠲᠤᠬᠤᠨᠢᠭᠤᠯᠵᠦ ᠪᠠᠶᠢᠭ᠎ᠠ ᠰᠡᠳᠬᠢᠯᠭᠡ ᠪᠠᠨ ᠢᠯᠡᠳᠭᠡᠪᠡ᠃      ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠤ ᠲᠤᠮᠳᠠ᠂ ᠯᠢ ᠵᠢᠢ ᠾᠧᠩ ᠰᠡᠳᠬᠢᠯᠭᠡ ᠪᠢᠯᠬᠠᠮ᠎ᠠ ᠶᠠᠷᠢᠶ᠎ᠠ ᠲᠠᠯᠪᠢᠪᠠ᠃ ᠲᠡᠷᠡ᠂ ᠰᠠᠶ᠋ᠢᠬᠠᠨ ᠦᠨᠳᠦᠷᠯᠡᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠬᠯᠠᠭᠠ ᠲᠡᠭᠡᠷ᠎ᠠ᠂ ᠮᠠᠨ ᠤ ᠤᠷᠤᠨ ᠤ ᠲᠠᠮᠢᠷᠴᠢᠳ ᠤᠷᠬᠢᠯᠦᠮ᠎ᠠ ᠪᠠᠳᠠᠷᠠᠩᠭᠤᠢ ᠳᠡᠮᠡᠴᠡᠯ ᠤᠨ ᠵᠤᠷᠢᠭ᠂ ᠨᠤᠭᠤᠷᠠᠰᠢ ᠦᠭᠡᠢ ᠬᠡᠪ ᠰᠤᠷᠳᠠᠯ᠂ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ 7 ᠠᠯᠳᠠᠨ ᠮᠧᠳᠡᠯ᠂ 10 ᠮᠦᠩᠭᠦᠨ ᠮᠧᠳᠠᠯ᠂ 20 ᠬᠦᠷᠡᠯ ᠮᠧᠳᠠᠯ ᠤᠯᠵᠤ᠂ ᠤᠶᠢᠷ᠎ᠠ ᠶᠢᠨ 20 ᠵᠢᠯ ᠤᠨ ᠲᠤᠷᠰᠢᠬᠢ ᠪᠦᠬᠦ ᠤᠯᠤᠰ ᠤᠨ ᠲᠡᠮᠢᠷ ᠤᠨ ᠴᠤᠬᠯᠠᠭᠠᠨ ᠳᠤ ᠤᠷᠤᠯᠴᠠᠬᠰᠠᠨ ᠬᠠᠮᠤᠭ ᠤᠨ ᠰᠠᠶᠢᠨ ᠬᠢᠷᠢ ᠪᠦᠳᠦᠮᠵᠢ ᠶᠢ ᠡᠭᠦᠳᠪᠡ︔ ᠮᠠᠨ ᠤ ᠤᠷᠤᠨ ᠤ ᠪᠡᠶ᠎ᠠ ᠶᠢᠨ ᠲᠡᠮᠢᠷ ᠤᠨ ᠹᠷᠤᠨᠲ ᠤᠨ 69 ᠲᠡᠷᠢᠭᠦᠨ ᠤ ᠬᠠᠮᠳᠤ᠂ 57 ᠲᠡᠷᠢᠭᠦᠨ ᠤ ᠬᠤᠪᠢ ᠬᠦᠮᠦᠨ ᠤᠯᠤᠰ ᠤᠨ ᠬᠦᠬᠢᠭᠦᠯᠦᠯ ᠰᠠᠶᠢᠰᠢᠶᠠᠯ ᠢ ᠬᠦᠷᠳᠡᠵᠤ᠂ ᠲᠡᠮᠢᠷ ᠤᠨ ᠬᠦᠳᠡᠯᠭᠡᠭᠡᠨ ᠤ ᠬᠢᠷᠢ ᠪᠦᠳᠦᠮᠵᠢ ᠪᠤᠯᠤᠨ ᠤᠶᠤᠨ ᠤ ᠪᠤᠯᠪᠠᠰᠤᠨ ᠤ ᠬᠤᠤᠰ ᠠᠮᠵᠢᠯᠳᠡ ᠶᠢ ᠤᠯᠪᠠ᠃ ᠪᠦᠬᠦ ᠤᠯᠤᠰ ᠤᠨ ᠲᠡᠮᠢᠷ ᠤᠨ ᠴᠤᠬᠯᠠᠭᠠᠨ ᠤ ᠬᠤᠭᠤᠴᠠᠭᠠᠨ ᠳᠤ᠂ ᠲᠠ ᠨᠠᠷ ᠤᠨ ᠢᠯᠡᠷᠡᠭᠦᠯᠦᠭᠰᠡᠨ ᠵᠤᠷᠢᠭ ᠰᠠᠨᠠᠭ᠎ᠠ ᠪᠤᠯᠤᠠ ᠲᠦᠷᠰᠦ ᠪᠠᠶᠢᠳᠠᠯ᠂ ᠰᠦᠰᠦ ᠵᠤᠷᠢᠭ ᠪᠤᠯᠤᠨ ᠬᠦᠮᠦᠨ ᠮᠦᠰᠦ᠂ ᠭᠠᠶᠢᠬᠠᠭᠤᠯᠤᠭᠰᠠᠨ ᠬᠡᠪ ᠨᠠᠮᠪᠠ ᠪᠤᠯᠤᠨ ᠲᠦᠷᠢ ᠲᠦᠷᠭᠦ ᠪᠤᠯ᠂ ᠦᠪᠦᠷ ᠮᠤᠩᠭᠤᠯ ᠤᠨ ᠠᠷᠠᠳ ᠲᠦᠮᠡᠨ ᠤᠨᠴᠠᠭᠠᠶᠢᠯᠠᠨ ᠤᠳᠤ ᠦᠶ᠎ᠠ ᠶᠢᠨ ᠦᠪᠦᠷ ᠮᠤᠩᠭᠤᠯ ᠤᠨ ᠵᠠᠯᠠᠭᠤᠴᠤᠳ ᠤᠨ ᠴᠤᠭ ᠵᠢᠪᠬᠤᠭ᠎ᠠ ᠶᠢᠨ ᠲᠦᠪᠯᠡᠷᠡᠩᠭᠦᠢ ᠢᠯᠡᠷᠡᠯ ᠪᠤᠯᠤᠨ᠎ᠠ᠃ ᠤᠯᠠᠨ ᠢᠶᠠᠷ ᠢᠶᠠᠨ ᠨᠤᠳᠤᠭ ᠤᠷᠤᠨ ᠳᠠᠭᠠᠨ ᠢᠷᠠᠭᠤ ᠠᠯᠳᠠᠷ ᠠᠪᠴᠢᠷᠠᠵᠤ᠂ ᠠᠮᠢᠳᠤᠷᠠᠯ ᠳᠠᠭᠠᠨ ᠬᠡᠷᠡᠯ ᠬᠢᠯᠪᠠᠭ᠎ᠠ ᠨᠡᠮᠡᠷᠢᠯᠡᠪᠡ᠃ ᠲᠠ ᠨᠠᠷ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ᠂ ᠬᠤᠪᠢ ᠲᠠᠬᠢᠨ ᠢᠶᠠᠷ ᠴᠢᠷᠮᠠᠶᠢᠵᠤ᠂ ᠲᠠᠰᠤᠷᠠᠯᠳᠠ ᠦᠭᠡᠢ ᠦᠪᠡᠷ ᠢ ᠪᠠᠨ ᠢᠯᠠᠵᠤ᠂ ᠦᠪᠡᠷ ᠢ ᠪᠠᠨ ᠲᠠᠪᠠᠵᠤ᠂ ᠨᠤᠳᠤᠭ ᠤᠷᠤᠨ ᠪᠤᠯᠤᠨ ᠡᠭᠡ ᠤᠯᠤᠰ ᠲᠠᠭᠠᠨ ᠨᠡᠩ ᠤᠯᠠᠨ ᠢᠷᠠᠭᠤ ᠠᠯᠳᠠᠷ ᠠᠪᠴᠢᠷᠠᠨ ᠦᠭᠬᠦ ᠶᠢ ᠬᠦᠰᠡᠵᠤ ᠪᠠᠶᠢᠨ᠎ᠠ ᠬᠡᠵᠡᠢ᠃      ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠪᠡᠶ᠎ᠠ ᠶᠢᠨ ᠲᠡᠮᠢᠷ ᠤᠨ ᠲᠡᠷᠢᠭᠦᠨ ᠤ ᠨᠢᠭᠡᠴᠡ᠂ ᠲᠡᠷᠢᠭᠦᠨ ᠤ ᠬᠤᠪᠢ ᠬᠦᠮᠦᠨ ᠤ ᠲᠦᠯᠦᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠪᠡ᠂ ᠡᠨᠡ ᠨᠢ ᠪᠢᠳᠡᠡ ᠤ ᠪᠡᠶ᠎ᠠ ᠶᠢᠨ ᠲᠡᠮᠢᠷ ᠤᠨ ᠠᠵᠢᠯ ᠢ ᠰᠠᠶᠢᠲᠤᠷ ᠬᠢᠭᠦ ᠪᠠ ᠪᠡᠶ᠎ᠠ ᠶᠢᠨ ᠲᠡᠮᠢᠷ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠂ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨᠴᠠᠭᠠᠶᠢᠯᠠᠨ᠂ ᠦᠷᠭᠡᠨ ᠤᠯᠠᠨ ᠲᠠᠮᠢᠷᠴᠢᠨ᠂ ᠲᠠᠰᠬᠠᠯᠵᠢᠭᠤᠯᠤᠬᠴᠢᠳ ᠪᠠ ᠪᠡᠶ᠎ᠠ ᠶᠢᠨ ᠲᠡᠮᠢᠷ ᠤᠨ ᠠᠵᠢᠯᠳᠠᠳ ᠬᠦᠨᠵᠡᠭᠡᠢ ᠰᠤᠷᠤᠯᠴᠠᠨ ᠤᠶᠢᠯᠠᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠦᠷᠢᠰᠦᠯᠳᠦᠨ ᠤᠷᠤᠯᠳᠤᠬᠤ ᠪᠠᠶᠢᠳᠠᠯ ᠢᠶᠠᠨ ᠬᠦᠴᠦᠯᠡᠨ ᠪᠠᠳᠤᠯᠠᠵᠤ᠂ ᠲᠤᠷᠰᠢᠯᠭ᠎ᠠ ᠪᠠᠨ ᠬᠢᠨᠠᠮᠠᠭᠠᠢ ᠳ᠋ᠦᠩᠨᠡᠨ᠂ ᠰᠢᠷᠭᠠᠭᠤ ᠬᠠᠳᠠᠭᠤᠵᠢᠯᠳᠡᠢ ᠪᠤᠯᠪᠠᠰᠤᠷᠠᠵᠤ᠂ ᠦᠨᠳᠦᠰᠦᠨ ᠴᠢᠳᠠᠪᠤᠷᠢ ᠪᠠᠨ ᠪᠠᠳᠤᠳᠬᠠᠨ᠂ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠵᠤ᠂ ᠨᠡᠩ ᠶᠡᠭᠡ ᠲᠠᠪᠠᠯᠳᠠ ᠲᠠᠢ ᠪᠤᠯᠵᠤ᠂ ᠨᠡᠩ ᠰᠠᠶᠢᠨ ᠬᠢᠷᠢ ᠪᠦᠳᠦᠮᠵᠢ ᠤᠯᠬᠤ ᠪᠠᠷ ᠴᠢᠷᠮᠠᠶᠢᠬᠤ ᠬᠡᠷᠡᠭᠳᠡᠢ᠃ ᠪᠡᠶ᠎ᠠ ᠶᠢᠨ ᠲᠡᠮᠢᠷ ᠤᠨ ᠵᠤᠷᠢᠭ ᠰᠠᠨᠠᠭ᠎ᠠ ᠶᠢ ᠬᠦᠴᠦᠯᠡᠨ ᠪᠠᠳᠠᠷᠠᠭᠤᠯᠵᠤ᠂ ᠲᠠᠮᠢᠷᠴᠢᠳ ᠤᠨ ᠵᠤᠷᠢᠬᠳᠠᠢ ᠪᠠᠷ ᠤᠷᠤᠯᠳᠤᠨ ᠵᠤᠷᠢᠬᠳᠠᠢ ᠪᠠᠷ ᠲᠡᠮᠡᠴᠡᠭᠦ᠂ ᠵᠤᠷᠢᠬᠳᠠᠢ ᠪᠠᠷ ᠢᠯᠠᠬᠤ ᠡᠷᠴᠢ ᠵᠤᠷᠢᠭ᠂ ᠬᠦᠴᠦᠷᠭᠡᠭ ᠠᠴᠠ ᠰᠦᠷᠳᠡᠭᠦ ᠦᠭᠡᠢ᠂ ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠵᠤᠷᠢᠭ ᠰᠠᠨᠠᠭ᠎ᠠ ᠶᠢ ᠶᠡᠭᠡᠪᠡᠷ ᠤᠬᠠᠭᠤᠯᠦᠨ᠂ ᠬᠢᠨᠠᠮᠠᠭᠠᠢ ᠰᠤᠷᠤᠯᠴᠠᠵᠤ᠂ ᠪᠦᠬᠦ ᠤᠷᠤᠨ ᠲᠠᠶᠠᠭᠠᠷ ᠤᠨ ᠠᠵᠢᠯ ᠬᠢᠵᠤ ᠦᠢᠯᠡᠰ ᠪᠤᠰᠬᠠᠬᠤ ᠡᠷᠴᠢ ᠵᠤᠷᠢᠭ ᠢ ᠴᠢᠨᠠᠬᠰᠢᠳᠠ ᠬᠦᠪᠴᠢᠯᠡᠵᠦ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠵᠤᠷᠢᠬᠵᠢᠭᠤᠯᠤᠨ ᠬᠦᠳᠦᠯᠦᠨ ᠵᠢᠯᠤᠭᠤᠳᠴᠤ ᠪᠠᠶᠢᠭᠠᠳ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢᠶᠠᠨ ᠪᠦᠳᠦᠭᠡᠨ ᠪᠠᠶᠢᠭᠤᠯᠬᠤ ᠠᠭᠤᠤ ᠶᠡᠭᠡ ᠦᠢᠯᠡᠳᠦᠯᠭᠡ ᠲᠤᠮᠳᠠ ᠲᠠᠬᠢᠨ ᠰᠢᠯᠢᠳᠡᠭ ᠠᠮᠵᠢᠯᠳᠡ ᠡᠭᠦᠳᠴᠤ ᠰᠢᠨ᠎ᠠ ᠭᠠᠪᠢᠶ᠎ᠠ ᠪᠠᠶᠢᠭᠤᠯᠬᠤ ᠬᠡᠷᠡᠭᠳᠡᠢ᠃ ᠪᠡᠶ᠎ᠠ ᠶᠢᠨ ᠲᠡᠮᠢᠷ ᠤᠨ ᠦᠢᠯᠡᠰ ᠢ ᠬᠦᠴᠦᠯᠡᠨ ᠬᠦᠭᠵᠢᠭᠦᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠦᠵᠡᠯ ᠰᠠᠨᠠᠭ᠎ᠠ ᠶᠢ ᠪᠠᠷᠢᠮᠳᠠᠯᠠᠨ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠶ᠎ᠠ ᠶᠢᠨ ᠲᠡᠮᠢᠷ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠪᠡᠶ᠎ᠠ ᠶᠢᠨ ᠲᠡᠮᠢᠷ ᠤᠨ ᠤᠨᠤᠯᠵᠢᠬᠤᠨ ᠢᠶᠠᠨ ᠰᠢᠨᠡᠴᠢᠯᠡᠵᠤ᠂ ᠤᠯᠠᠨ ᠲᠦᠮᠡᠨᠴᠢ ᠪᠡᠶ᠎ᠠ ᠶᠢᠨ ᠲᠡᠮᠢᠷ᠂ ᠦᠷᠢᠰᠦᠯᠳᠦᠭᠡᠨ ᠤ ᠪᠡᠶ᠎ᠠ ᠶᠢᠨ ᠲᠠᠮᠢᠷ᠂ ᠪᠡᠶ᠎ᠠ ᠶᠢᠨ ᠲᠡᠮᠢᠷ ᠤᠨ ᠠᠵᠤ ᠦᠢᠯᠡᠰ ᠤᠨ ᠵᠤᠬᠢᠴᠠᠩᠭᠤᠢ ᠪᠠᠷ ᠬᠦᠭᠵᠢᠭᠦ ᠶᠢ ᠠᠬᠢᠭᠤᠯᠵᠤ᠂ ᠰᠢᠨ᠎ᠠ ᠭᠠᠷᠤᠭ᠎ᠠ ᠲᠡᠭᠡᠷ᠎ᠠ ᠮᠠᠨ ᠤ ᠤᠷᠤᠨ ᠤ ᠪᠡᠶ᠎ᠠ ᠶᠢᠨ ᠲᠡᠮᠢᠷ ᠤᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠲᠠ ᠦᠭᠡᠢ ᠨᠡᠭᠡᠭᠡᠭᠦ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号