ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ | ᠭᠠᠭ᠋ᠠᠶ ᠶᠢᠨ ᠲᠠᠯᠠᠪᠠᠢ ᠠᠴᠠ ᠭᠠᠷᠭᠠᠬᠤ ᠦᠨ᠎ᠡ ᠪᠠᠭᠤᠷᠠᠵᠤ ᠪᠠᠶᠢᠭᠰᠠᠨ ᠠᠴᠠ ᠪᠠᠨ ᠦᠰᠴᠦ᠂ ᠭᠠᠭ᠋ᠠᠶ ᠶᠢᠨ ᠮᠢᠬ᠎ᠠ | ᠪᠣᠯᠤᠨ ᠠᠮᠤ ᠪᠤᠳᠠᠭᠠᠨ ᠤ ᠦᠨ᠎ᠡ ᠶᠢᠨ ᠬᠠᠷᠢᠴᠠᠯ ᠪᠠᠭ᠎ᠠ ᠬᠡᠮᠵᠢᠶ᠎ᠡ ᠪᠠᠷ ᠦᠰᠴᠦ᠂ ᠲᠠᠬᠢᠶᠠᠨ ᠦᠨᠳᠡᠭᠡ ᠶᠢᠨ | ᠲᠠᠯᠠᠪᠠᠢ ᠠᠴᠠ ᠭᠠᠷᠭᠠᠬᠤ ᠦᠨ᠎ᠡ ᠶᠡᠭᠡ ᠪᠠᠷ ᠦᠰᠴᠡᠢ︔ ᠨᠢᠳᠤᠨᠤᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ᠂ | ᠭᠠᠭ᠋ᠠᠶ ᠶᠢᠨ ᠲᠠᠯᠠᠪᠠᠢ ᠠᠴᠠ ᠭᠠᠷᠭᠠᠬᠤ ᠦᠨ᠎ᠡ ᠶᠡᠭᠡ ᠪᠠᠷ ᠪᠠᠭᠤᠷᠠᠵᠤ᠂ ᠭᠠᠭ᠋ᠠᠶ ᠶᠢᠨ ᠮᠢᠬ᠎ᠠ ᠪᠣᠯᠤᠨ ᠠᠮᠤ ᠪᠤᠳᠠᠭᠠᠨ ᠤ | ᠦᠨ᠎ᠡ ᠶᠢᠨ ᠬᠠᠷᠢᠴᠠᠯ ᠪᠠᠭ᠎ᠠ ᠪᠠᠭᠤᠷᠠᠵᠤ᠂ ᠲᠠᠬᠢᠶᠠᠨ ᠥᠨᠳᠡᠭᠡ ᠶᠢᠨ ᠲᠠᠯᠠᠪᠠᠢ ᠠᠴᠠ ᠭᠠᠷᠭᠠᠬᠤ ᠦᠨ᠎ᠡ ᠶᠡᠬᠡᠪᠡᠷ | ᠥᠰᠦᠭᠰᠡᠨ ᠪᠠᠶᠢᠨ᠎ᠠ᠃ | ᠲᠤᠭ᠎ᠠ ᠪᠠᠷᠢᠮᠲᠠ ᠶᠢᠨ ᠦᠵᠡᠪᠡᠯ᠂ 8 ᠳ᠋ᠤᠭᠠᠷ ᠰᠠᠷ᠎ᠠ ᠶᠢᠨ 2 ᠤ ᠡᠳᠦᠷ᠂ 9 ᠤ ᠡᠳᠦᠷ᠂ 16 ᠤ ᠡᠳᠦᠷ᠂ | 23 ᠤ ᠡᠳᠦᠷ᠂ 30 ᠤ ᠡᠳᠦᠷ᠂ ᠪᠦᠬᠦ ᠣᠷᠣᠨ ᠤ 50 ᠺᠢᠯᠣᠭ᠍ᠷᠠᠮ ᠭᠠᠭ᠋ᠠᠢ ᠪᠦᠷᠢ ᠶᠢᠨ ᠲᠠᠯᠠᠪᠠᠢ ᠠᠴᠠ ᠭᠠᠷᠭᠠᠬᠤ | ᠳᠤᠮᠳᠠᠴᠢ ᠦᠨ᠎ᠡ ᠨᠢ ᠲᠤᠰ ᠲᠤᠰ 695.93 ᠲᠥᠭᠦᠷᠢᠭ᠂ 716.67 ᠲᠥᠭᠦᠷᠢᠭ᠂ 719.07 ᠲᠥᠭᠦᠷᠢᠭ᠂ | 720.07 ᠲᠥᠭᠦᠷᠢᠭ᠂ 733.70 ᠲᠥᠭᠦᠷᠢᠭ ᠪᠤᠯᠵᠤ᠂ ᠲᠠᠪᠤᠨ ᠭᠠᠷᠠᠭ ᠲᠤ ᠨᠡᠶᠢᠲᠡ 5.94% ᠥᠰᠦᠭᠰᠡᠨ | ᠪᠠᠶᠢᠨ᠎ᠠ᠃ 8 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠭ᠋ᠠᠶ ᠶᠢᠨ ᠲᠠᠯᠠᠪᠠᠢ ᠠᠴᠠ ᠭᠠᠷᠭᠠᠬᠤ ᠳᠤᠮᠳᠠᠴᠢ ᠦᠨ᠎ᠡ ᠨᠢ | 50 ᠺᠢᠯᠣᠭ᠍ᠷᠠᠮ ᠭᠠᠭ᠋ᠠᠢ ᠪᠦᠷᠢ 718.89 ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 21.81% ᠪᠠᠭᠤᠷᠠᠪᠠ᠃ ᠭᠠᠭ᠋ᠠᠶ ᠶᠢᠨ ᠦᠨ᠎ᠡ ᠶᠢᠨ ᠥᠰᠥᠯᠲᠡ ᠶᠢᠨ ᠨᠥᠯᠥᠭᠡ ᠠᠴᠠ ᠪᠤᠯᠵᠤ᠂ 8 ᠳ᠋ᠤᠭᠠᠷ | ᠰᠠᠷ᠎ᠠ ᠳᠤ ᠪᠦᠬᠦ ᠣᠷᠣᠨ ᠤ ᠭᠠᠭ᠋ᠠᠶ ᠶᠢᠨ ᠮᠢᠬ᠎ᠠ ᠪᠣᠯᠤᠨ ᠠᠮᠤ ᠪᠤᠳᠠᠭᠠᠨ ᠤ ᠦᠨ᠎ᠡ ᠶᠢᠨ ᠬᠠᠷᠢᠴᠠᠯ ᠪᠠᠭ᠎ᠠ ᠰᠠᠭ᠎ᠠ | ᠥᠰᠴᠡᠶ᠃ ᠭᠠᠭ᠋ᠠᠶ ᠶᠢᠨ ᠭᠠᠷᠭᠠᠯᠲᠠ ᠶᠢᠨ ᠲᠤᠭ᠎ᠠ ᠬᠡᠮᠵᠢᠶ᠎ᠡ ᠳᠣᠷᠣᠭᠰᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ | ᠠᠭᠠᠵᠢᠮ ᠢᠶᠠᠷ ᠰᠡᠷᠭᠦᠭᠰᠡᠨ ᠨᠢ ᠣᠶᠢᠷ᠎ᠠ ᠶᠢᠨ ᠬᠤᠭᠤᠴᠠᠭᠠᠨ ᠳᠤ ᠭᠠᠭ᠋ᠠᠶ ᠶᠢᠨ ᠲᠠᠯᠠᠪᠠᠢ ᠠᠴᠠ ᠭᠠᠷᠭᠠᠬᠤ ᠦᠨ᠎ᠡ | ᠦᠰᠦᠭᠰᠡᠨ ᠤ ᠭᠤᠤᠯ ᠰᠢᠯᠲᠠᠭᠠᠨ ᠪᠣᠯᠤᠨ᠎ᠠ᠃ ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ | ᠪᠠᠶᠠᠷ ᠤᠨ ᠡᠳᠦᠷ ᠤᠨ ᠤᠶᠢᠷᠠᠲᠤᠬᠤ ᠶᠢ ᠳᠠᠭᠠᠯᠳᠤᠨ᠂ ᠭᠠᠭ᠋ᠠᠶ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠤᠯᠠᠷᠢᠯ ᠤᠨ | ᠴᠢᠨᠠᠷᠲᠠᠶ ᠨᠡᠮᠡᠭᠳᠡᠯ ᠤᠨ ᠱᠠᠲᠤᠨ ᠳᠤ ᠤᠷᠤᠵᠤ᠂ ᠵᠢᠱᠢᠯᠲᠡ ᠪᠠᠷ ᠭᠠᠭ᠋ᠠᠶ ᠶᠢᠨ ᠲᠠᠯᠠᠪᠠᠢ ᠠᠴᠠ ᠭᠠᠷᠭᠠᠬᠤ ᠦᠨ᠎ᠡ | ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ ᠡᠭᠦᠨ ᠠᠴᠠ ᠭᠠᠳᠠᠨ᠎ᠠ᠂ 8 ᠳ᠋ᠤᠭᠠᠷ ᠰᠠᠷ᠎ᠠ ᠶᠢᠨ 2 ᠤ ᠡᠳᠦᠷ᠂ 9 ᠤ | ᠡᠳᠦᠷ᠂ 16 ᠤ ᠡᠳᠦᠷ᠂ 23 ᠤ ᠡᠳᠦᠷ᠂ 30 ᠤ ᠡᠳᠦᠷ᠂ 50 ᠺᠢᠯᠣᠭ᠍ᠷᠠᠮ ᠪᠦᠷᠢ ᠶᠢᠨ ᠲᠠᠬᠢᠶᠠᠨ ᠥᠨᠳᠡᠭᠡ ᠶᠢᠨ | ᠪᠦᠬᠦ ᠤᠷᠤᠨ ᠤ ᠲᠠᠯᠠᠪᠠᠢ ᠠᠴᠠ ᠭᠠᠷᠭᠠᠬᠤ ᠳᠤᠮᠳᠠᠴᠢ ᠦᠨ᠎ᠡ ᠲᠤᠰ ᠪᠦᠷᠢ 318.93 ᠲᠥᠭᠦᠷᠢᠭ᠂ 380.02 | ᠲᠥᠭᠦᠷᠢᠭ᠂ 401.48 ᠲᠥᠭᠦᠷᠢᠭ᠂ 414.75 ᠲᠥᠭᠦᠷᠢᠭ᠂ 417.92 ᠲᠥᠭᠦᠷᠢᠭ ᠪᠤᠯᠵᠤ᠂ ᠲᠠᠪᠤᠨ | ᠭᠠᠷᠠᠭ ᠲᠤ ᠨᠡᠶᠢᠲᠡ 48.79% ᠥᠰᠦᠭᠰᠡᠨ ᠪᠠᠶᠢᠨ᠎ᠠ᠃ 8 ᠳ᠋ᠤᠭᠠᠷ ᠰᠠᠷ᠎ᠠ ᠳᠤ ᠪᠥᠬᠦ ᠣᠷᠣᠨ ᠤ 50 ᠺᠢᠯᠣᠭ᠍ᠷᠠᠮ | ᠪᠦᠷᠢ ᠶᠢᠨ ᠲᠠᠬᠢᠶᠠᠨ ᠥᠨᠳᠡᠭᠡ ᠶᠢᠨ ᠲᠠᠯᠠᠪᠠᠢ ᠠᠴᠠ ᠭᠠᠷᠭᠠᠬᠤ ᠳᠤᠮᠳᠠᠴᠢ ᠦᠨ᠎ᠡ 386.62 ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.19% ᠥᠰᠦᠭᠰᠡᠨ ᠪᠠᠶᠢᠨ᠎ᠠ᠃ ᠨᠠᠢᠮᠠᠨ ᠰᠠᠷ᠎ᠠ ᠶᠢᠨ | ᠠᠷᠪᠠᠨ ᠲᠠᠪᠤᠨ ᠤ ᠲᠡᠷᠭᠡᠯ ᠪᠠᠶᠠᠷ ᠤᠨ ᠤᠶᠢᠷᠠᠲᠤᠬᠤ ᠶᠢ ᠳᠠᠭᠠᠯᠳᠤᠨ᠂ ᠪᠣᠯᠪᠠᠰᠤᠷᠠᠭᠤᠯᠬᠤ ᠠᠵᠤ ᠠᠬᠤᠶᠢᠯᠠᠯ | ᠪᠠᠷᠠᠭ᠎ᠠ ᠪᠠᠨ ᠤᠷᠢᠳᠴᠢᠯᠠᠨ ᠪᠡᠯᠡᠳᠬᠡᠵᠦ᠂ ᠲᠠᠬᠢᠶᠠᠨ ᠥᠨᠳᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠨᠡᠮᠡᠭᠳᠡᠬᠦ | ᠪᠣᠯᠤᠨ᠎ᠠ᠃ ᠵᠢᠱᠢᠯᠲᠡ ᠪᠠᠷ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ ᠠᠴᠠ ᠡᠮᠦᠨ᠎ᠡ ᠲᠠᠬᠢᠶᠠᠨ | ᠥᠨᠳᠡᠭᠡᠨ ᠤ ᠦᠨ᠎ᠡ ᠮᠥᠨ ᠬᠦ ᠥᠰᠬᠦ ᠪᠤᠯᠤᠮᠵᠢ ᠲᠠᠢ ᠪᠠᠶᠢᠨ᠎ᠠ᠃ |