ᠦᠪᠦᠷ ᠮᠣᠩᠭᠤᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/11
      9 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠠᠵᠢᠯ ᠤᠨ ᠱᠠᠭᠠᠷᠳᠠᠯᠭ᠎ᠠ ᠶᠢ ᠲᠣᠣᠱᠯᠠᠭᠤᠯᠤᠨ ᠤᠯᠠᠮᠵᠢᠯᠠᠵᠤ᠂ ᠡᠨᠡ ᠵᠢᠯ ᠤᠨ ᠲᠤᠷᠰᠢᠬᠢ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠥᠷᠨᠢᠭᠦᠯᠦᠭᠰᠡᠨ ᠭᠤᠣᠯ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠪᠠᠨ ᠭᠤᠣᠯᠳᠠᠯᠭ᠎ᠠ ᠲᠠᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠬᠥᠬᠡᠬᠤᠲᠠ᠂ ᠤᠷᠳᠤᠰ᠂ ᠦᠬᠠᠶ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠮᠦᠨ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠮ ᠬᠠᠷᠢᠯᠴᠠᠭᠠᠨ ᠤ ᠲᠢᠩᠬᠢᠮ ᠲᠤᠰ ᠲᠤᠰ ᠠᠶᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠢ ᠲᠥᠯᠥᠭᠡᠯᠡᠨ ᠲᠤᠷᠰᠢᠯᠭ᠎ᠠ ᠪᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠪᠣᠯᠤᠨ ᠡᠯ᠎ᠡ ᠠᠶᠢᠮᠠᠭ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ ᠪᠠᠶᠢᠭ᠎ᠠ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠥᠬᠦᠳ ᠨᠡᠶᠢᠲᠡ 80 ᠭᠠᠷᠤᠶ ᠬᠥᠮᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠱᠠᠭᠠᠷᠳᠠᠭᠰᠠᠨ ᠨᠢ᠂ ᠳᠠᠷᠠᠭᠠᠴᠢ ᠶᠢᠨ ᠠᠯᠬᠤᠮ ᠳᠤ ᠮᠠᠨ ᠤ ᠣᠷᠣᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠲᠤᠯᠤᠭᠠᠨ ᠲᠠᠯ᠎ᠠ ᠶᠢᠨ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠭᠡᠵᠡᠢ᠄ ᠲᠤᠬᠠᠶᠢᠯᠠᠪᠠᠯ ᠨᠢᠭᠡ ᠳᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠥᠷᠲᠡᠬᠦ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠬᠦ ᠬᠡᠷᠡᠭᠲᠡᠢ︔ ᠬᠤᠶᠠᠷ ᠲᠤ ᠢᠲᠡᠭᠡᠮᠵᠢ ᠶᠢᠨ ᠮᠡᠳᠡᠭᠡ ᠵᠠᠩᠭᠢ ᠶᠢ ᠬᠤᠷᠠᠮᠳᠤᠭᠤᠯᠤᠨ ᠴᠤᠭᠯᠠᠭᠤᠯᠬᠤ ᠡᠷᠴᠢᠮ ᠢᠶᠠᠨ ᠤᠯᠠᠮ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠤᠷᠠᠮᠳᠤᠭᠤᠯᠤᠨ ᠴᠤᠭᠯᠠᠭᠤᠯᠬᠤ ᠰᠣᠯᠢᠯᠴᠠᠭᠠᠨ ᠤ ᠲᠣᠭᠲᠠᠴᠠ ᠶᠢ ᠪᠠᠶᠢᠭᠤᠯᠬᠤ ᠲᠠᠯ᠎ᠠ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠬᠦ ᠬᠡᠷᠡᠭᠲᠡᠢ︔ ᠭᠤᠷᠪᠠ ᠳᠤ ᠢᠲᠡᠭᠡᠮᠵᠢ ᠶᠢᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠨᠡᠩ ᠣᠯᠠᠨ ᠠᠵᠢᠯ ᠲᠦᠷᠦᠯ ᠤᠨ ᠬᠦᠷᠢᠶᠡᠨ ᠳᠤ ᠰᠢᠨ᠎ᠡ ᠰᠢᠪᠲᠤᠯᠤᠯᠲᠠ ᠭᠠᠷᠭᠠᠬᠤ  ᠪᠠᠷ ᠬᠦᠴᠦᠯᠡᠬᠦ ᠬᠡᠷᠡᠭᠲᠡᠢ︔ ᠳᠦᠷᠪᠡ ᠳᠤ ᠱᠠᠩᠨᠠᠬᠤ ᠵᠠᠯᠬᠠᠭᠠᠬᠤ ᠬᠤᠯᠪᠣᠭᠠᠲᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠵᠢᠷᠤᠮᠵᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠬᠦ ᠬᠡᠷᠡᠭᠲᠡᠢ︔ ᠲᠠᠪᠤ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤᠯᠠᠨ ᠨᠡᠶᠢᠲᠡ ᠶᠢᠨ ᠦᠢᠯᠡᠴᠢᠯᠡᠭᠡᠨ ᠪᠠ ᠨᠡᠶᠢᠭᠡᠮ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ  ᠪᠠᠷ ᠬᠦᠴᠦᠯᠡᠬᠦ ᠬᠡᠷᠡᠭᠲᠡᠢ︔ ᠵᠢᠷᠭᠤᠭ᠎ᠠ ᠳᠤ ︽ᠬᠤᠣᠰ ᠨᠡᠶᠢᠲᠡᠯᠡᠯ︾ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠲᠤᠭ᠎ᠠ ᠪᠠᠷᠢᠮᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠬᠦ ᠬᠡᠷᠡᠭᠲᠡᠢ︔ ᠲᠤᠯᠤᠭ᠎ᠠ ᠳᠤ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠲᠡᠭᠡᠮᠵᠢ ᠠᠴᠠ ᠡᠬᠢ ᠪᠠᠶᠠᠯᠢᠭ ᠤᠨ ᠲᠤᠬᠢᠷᠠᠭᠤᠯᠤᠯᠳᠡ ᠳᠤ ᠦᠵᠡᠭᠦᠯᠬᠦ ᠰᠠᠭᠤᠷᠢ ᠴᠢᠨᠠᠷᠲᠠᠶ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号