ᠥᠨᠥᠬᠡᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2017 ᠣᠨ ᠤ ᠠᠩᠬᠠᠳᠠᠭᠴᠢ | ᠪᠦᠯᠦᠭ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠨᠡᠷᠡᠰ ᠢ ᠨᠡᠶᠢᠲᠡᠯᠡᠪᠡ᠃ ᠥᠪᠥᠷ ᠮᠣᠩᠭᠤᠯ ᠤᠨ 3 | ᠠᠵᠤ ᠠᠬᠤᠶᠢᠯᠠᠯ ᠪᠣᠯᠤᠨ 2 ᠬᠦᠷᠢᠶᠡᠯᠡᠩ ᠲᠣᠭᠤᠷᠢᠭ ᠤᠨ ᠢᠯᠡᠷᠡᠯ ᠨᠢ ᠲᠤᠪᠤᠶᠢᠮ᠎ᠠ ᠪᠠᠶᠢᠭᠰᠠᠨ ᠢᠶᠠᠷ᠂ ᠲᠤᠰ ᠲᠤᠰ | ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠥᠭᠡᠢ ᠬᠦᠷᠢᠶᠡᠯᠡᠩ ᠲᠣᠭᠤᠷᠢᠭ ᠤᠨ ᠨᠡᠷᠡᠰ ᠤᠨ ᠵᠢᠭᠰᠠᠭᠠᠯᠲᠠ ᠳᠤ | ᠲᠣᠳᠣᠷᠠᠪᠠ᠃ ᠥᠪᠥᠷ ᠮᠣᠩᠭᠤᠯ ᠤᠨ 3 ᠪᠣᠬᠢᠷᠲᠤᠯ ᠦᠭᠡᠢ ᠦᠢᠯᠡᠳᠪᠦᠷᠢ ᠨᠢ ᠲᠤᠰ ᠲᠤᠰ᠄ ᠥᠪᠥᠷ ᠮᠣᠩᠭᠤᠯ ᠤᠨ | ᠱᠣᠸᠠᠩ ᠰᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠤᠪᠢ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠦᠸᠧ ᠮᠸᠢ ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠮᠧᠩ ᠨᠢᠦ ᠳᠡᠭᠡᠳᠦ ᠮᠡᠷᠭᠡᠵᠢᠯ ᠤᠨ ᠰᠦᠨ ᠤ | ᠦᠢᠯᠡᠰ ᠤᠨ ᠬᠢᠵᠠᠭᠠᠷᠲᠤ ᠺᠣᠮᠫᠠᠨᠢ ᠪᠣᠯᠣᠨ᠎ᠠ︔ ᠪᠣᠬᠢᠷᠲᠤᠯ ᠥᠭᠡᠢ ᠬᠦᠷᠢᠶᠡᠯᠡᠩ ᠲᠣᠭᠤᠷᠢᠭ ᠨᠢ ᠲᠤᠰ ᠲᠣᠰ᠄ | ᠥᠪᠥᠷ ᠮᠣᠩᠭᠤᠯ ᠤᠨ ᠤᠲᠤᠭ ᠤᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ᠂ ᠦᠬᠠᠶ ᠶᠢᠨ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠶᠢᠷᠣᠪ ᠤᠨ ᠲᠣᠬᠤᠢ ᠠᠵᠤ ᠦᠢᠯᠡᠳᠪᠦᠷᠢ ᠶᠢᠨ ᠬᠦᠷᠢᠶᠡᠯᠡᠩ | ᠪᠣᠯᠣᠨ᠎ᠠ᠃ ᠲᠤᠰ ᠤᠳᠠᠭᠠᠨ ᠤ ᠰᠢᠯᠭᠠᠷᠠᠭᠤᠯᠤᠯᠲᠠ ᠨᠢ ᠵᠢᠱᠢᠶ᠎ᠡ ᠦᠵᠡᠭᠦᠯᠬᠦ ᠨᠢᠭᠡᠴᠡ ᠶᠢᠨ ᠪᠣᠬᠢᠷᠲᠤᠯ ᠦᠭᠡᠢ | ᠬᠥᠭᠵᠢᠯᠲᠡ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠲᠡᠷᠢᠭᠦᠨ ᠤ ᠪᠣᠬᠢᠷᠲᠤᠯ | ᠦᠭᠡᠢ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠮᠢᠶ᠎ᠠ ᠪᠥᠬᠦᠢ ᠬᠦᠷᠢᠶ᠎ᠡ | ᠬᠡᠪᠴᠢᠶ᠎ᠡ ᠶᠢ ᠳᠠᠶᠢᠴᠢᠯᠠᠵᠤ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ | ᠪᠣᠯᠣᠨ᠎ᠠ᠃ |