ᠬᠥᠬᠡᠬᠤᠲᠠ ᠪᠤᠭᠤᠲᠤ ᠤᠷᠳᠤᠰ ᠭᠤᠷᠪᠠᠨ ᠬᠤᠳᠠ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠰ ᠢ ᠬᠠᠮᠵᠢᠯᠴᠠᠨ ᠬᠦᠭᠵᠢᠬᠦᠯᠬᠦ ᠬᠠᠷᠢᠴᠠᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2017/9/12
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠲᠥᠯᠥᠪᠵᠢᠭᠦᠯᠭᠡ ᠶᠢᠨ ᠲᠣᠪᠴᠢ ︵2016 — 2020 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽︿13·5﹀ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠤᠷᠳᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠰ ᠢ ᠬᠠᠮᠵᠢᠯᠴᠠᠨ ᠬᠦᠭᠵᠢᠬᠦᠯᠬᠦ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠬᠡᠷᠡᠭᠵᠢᠬᠦᠯᠬᠦ ᠰᠠᠨᠠᠯ︾ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠠᠴᠠ ᠬᠥᠬᠡᠬᠤᠲᠠ ᠪᠤᠭᠤᠲᠤ ᠤᠷᠳᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠰ ᠢ ᠬᠠᠮᠵᠢᠯᠴᠠᠨ ᠬᠦᠭᠵᠢᠬᠦᠯᠬᠦ ᠶᠢ ᠠᠬᠢᠭᠤᠯᠬᠤ ᠬᠠᠷᠢᠴᠠᠭ᠎ᠠ ᠪᠠᠶᠢᠭᠤᠯᠬᠤ ᠪᠠᠷ ᠲᠤᠭᠲᠠᠭᠠᠪᠠ᠃      ᠬᠥᠬᠡᠬᠤᠲᠠ ᠪᠤᠭᠤᠲᠤ ᠤᠷᠳᠤᠰ ᠭᠤᠷᠪᠠᠨ ᠬᠤᠲᠠ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤ ᠪᠠᠨ ᠰᠢᠯᠭᠠᠨ ᠪᠠᠶᠢᠴᠠᠭᠠᠯᠲᠠ᠂ ᠵᠢᠷᠤᠭ ᠳᠦᠷᠰᠦ ᠵᠡᠷᠭᠡ ᠦᠷ᠎ᠡ ᠳ᠋ᠦᠩ ᠢ ᠬᠠᠷᠢᠯᠴᠠᠨ ᠦᠨᠡᠮᠰᠢᠬᠦ᠂ ᠠᠯᠤᠰ ᠠᠴᠠ ᠬᠠᠮᠲᠤᠷᠠᠨ ᠣᠨᠣᠰᠢᠯᠠᠬᠤ᠂ ᠠᠯᠤᠰ ᠠᠴᠠ ᠵᠢᠷᠤᠭ ᠳᠦᠷᠰᠦ ᠠᠪᠬᠤ᠂ ᠠᠯᠤᠰ ᠠᠴᠠ ᠡᠪᠡᠳᠴᠢᠨ ᠤ ᠵᠦᠢ ᠶᠢ ᠲᠤᠳᠤᠯᠠᠬᠤ ᠵᠡᠷᠭᠡ ᠶᠢ ᠢᠳᠡᠪᠬᠢᠲᠡᠶ ᠲᠦᠯᠬᠢᠨ ᠠᠬᠢᠭᠤᠯᠵᠤ᠂ ᠨᠢᠭᠡᠳᠦᠯᠲᠡᠶ ᠶᠠᠰᠤ ᠴᠢᠨᠠᠷ ᠤᠨ ᠬᠢᠵᠠᠭᠠᠷᠯᠠᠯ ᠤᠨ ᠪᠠᠷᠢᠮᠵᠢᠶ᠎ᠠ ᠪᠠᠷ ᠠᠵᠢᠯᠯᠠᠨ᠎ᠠ᠃ ᠴᠢᠰᠤ ᠠᠪᠬᠤ ᠴᠢᠰᠤ ᠬᠠᠩᠭᠠᠬᠤ ᠲᠠᠯ᠎ᠠ ᠪᠠᠷ ᠵᠤᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠭᠤᠷᠪᠠᠨ ᠬᠤᠳᠠ ᠡᠮ ᠤᠨ ᠬᠤᠷᠤᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠥᠷᠨᠢᠭᠦᠯᠵᠦ᠂ ᠲᠦᠷᠦᠯ ᠵᠦᠢᠯ ᠤᠨ ᠬᠢᠨᠠᠨ ᠬᠠᠷᠭᠤᠭᠤᠯᠤᠯᠲᠠ ᠶᠢᠨ ᠦᠷ᠎ᠡ ᠳ᠋ᠦᠩ ᠢ ᠬᠠᠷᠢᠯᠴᠠᠨ ᠦᠨᠡᠮᠰᠢᠬᠦ ᠶᠢ ᠲᠦᠯᠬᠢᠨ ᠠᠬᠢᠭᠤᠯᠵᠤ᠂ ᠭᠤᠷᠪᠠᠨ ᠭᠠᠵᠠᠷ ᠤᠨ ᠬᠢᠷᠢ ᠴᠢᠳᠠᠮᠵᠢ ᠶᠢᠨ ᠬᠢᠨᠠᠨ ᠬᠠᠷᠭᠤᠭᠤᠯᠤᠯᠲᠠ ᠶᠢ ᠬᠠᠷᠢᠯᠴᠠᠨ ᠦᠨᠡᠮᠰᠢᠬᠦ ᠶᠢ ᠬᠠᠶᠢᠨ ᠰᠦᠪᠡᠭᠴᠢᠯᠡᠵᠦ᠂ ᠳᠠᠭᠠᠭᠠᠴᠢᠯᠠᠯᠲᠠ ᠵᠠᠷᠯᠠᠬᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠮᠡᠳᠡᠭᠳᠡᠬᠦ ᠲᠣᠭᠲᠠᠴᠠ ᠶᠢ ᠪᠠᠶᠢᠭᠤᠯᠤᠨ᠎ᠠ᠃ ᠣᠷᠣᠨ ᠪᠦᠰᠡ ᠶᠢᠨ ᠳᠤᠲᠤᠷ᠎ᠠ ᠱᠠᠳᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂  ᠣᠷᠣᠨ ᠪᠦᠰᠡ ᠶᠢᠨ ᠳᠤᠲᠤᠷ᠎ᠠ  ᠪᠠᠨ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠬᠠᠮᠵᠢᠯᠴᠠᠭ᠎ᠠ ᠰᠣᠯᠢᠯᠴᠠᠭ᠎ᠠ ᠬᠢᠬᠦ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠮᠣᠩᠭᠤᠯ ᠬᠢᠲᠠᠳ ᠡᠮ ᠡᠮᠨᠡᠯᠭᠡ ᠶᠢᠨ ᠮᠡᠷᠭᠡᠵᠢᠯ ᠤᠨ ᠬᠥᠭᠵᠢᠯᠲᠡ ᠶᠢᠨ ᠲᠠᠪᠴᠠᠩ ᠢ ᠴᠤᠭᠴᠠᠯᠠᠵᠤ᠂ ᠣᠷᠣᠨ ᠪᠦᠰᠡ ᠶᠢᠨ ᠮᠣᠩᠭᠤᠯ ᠬᠢᠲᠠᠳ ᠡᠮ ᠡᠮᠨᠡᠯᠭᠡ ᠶᠢᠨ ᠮᠡᠷᠭᠡᠵᠢᠯ ᠤᠨ ᠬᠦᠭᠵᠢᠯᠲᠡ ᠶᠢ ᠠᠬᠢᠭᠤᠯᠤᠨ᠎ᠠ᠃ ᠭᠤᠷᠪᠠᠨ ᠬᠤᠲᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠬᠤᠪᠢᠶᠠᠨ ᠬᠠᠮᠵᠢᠯᠴᠠᠭᠰᠠᠨ᠂ ᠨᠢᠭᠲᠠ ᠬᠠᠮᠲᠤᠷᠠᠯᠴᠠᠭᠰᠠᠨ ᠰᠢᠰᠲ᠋ᠧᠮᠵᠢ ᠶᠢ ᠪᠠᠶᠢᠭᠤᠯᠤᠨ᠎ᠠ︔ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ  ᠨᠢᠭᠡᠳᠦᠯᠲᠠᠢ ᠵᠤᠬᠢᠴᠠᠭᠤᠯᠬᠤ ᠰᠢᠰᠲ᠋ᠧᠮ ᠢ ᠪᠦᠷᠢᠨᠰᠢᠬᠦᠯᠵᠤ᠂ ᠮᠡᠳᠡᠭᠡ ᠵᠠᠩᠭᠢ ᠂ ᠮᠡᠷᠭᠡᠵᠢᠯ᠂ ᠠᠵᠢᠯᠲᠠᠳ᠂ ᠪᠣᠳᠠᠰ ᠵᠡᠷᠭᠡ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠬᠦᠯᠦᠨ᠎ᠡ︔ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ ᠮᠠᠨᠳᠤ ᠬᠤᠳᠠ ᠂ ᠤᠯᠤᠰ ᠤᠨ ᠡᠷᠡᠭᠦᠯ ᠬᠠᠮᠠᠭᠠᠯᠠᠯᠲᠤ ᠬᠤᠳᠠ ᠶᠢᠨ ᠡᠷᠡᠭᠦᠯ ᠮᠡᠨᠳᠦ ᠶᠢᠨ ᠠᠵᠢᠯ ᠤᠨ ᠬᠠᠮᠵᠢᠯᠴᠠᠯᠭ᠎ᠠ ᠶᠢ ᠴᠢᠩᠭᠠᠳᠬᠠᠨ᠎ᠠ︔ ᠬᠥᠬᠡᠬᠤᠲᠠ ᠪᠤᠭᠤᠲᠤ ᠤᠷᠳᠤᠰ ᠭᠤᠷᠪᠠᠨ ᠬᠤᠳᠠ ᠶᠢᠨ ᠨᠡᠭᠦᠳᠡᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠶᠢ ᠲᠥᠯᠬᠢᠨ ᠠᠬᠢᠭᠤᠯᠤᠨ᠎ᠠ︔ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ︔  ᠣᠷᠣᠨ ᠪᠦᠰᠡ ᠶᠢᠨ ᠳᠤᠲᠤᠷ᠎ᠠ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠤ ᠶᠢᠨ ᠲᠠᠯ᠎ᠠ ᠪᠠᠷ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ᠂ ᠠᠵᠢᠯᠲᠠᠨ ᠤ ᠰᠤᠯᠢᠯᠴᠠᠬᠤ᠂ ᠮᠡᠷᠭᠡᠵᠢᠯ ᠤᠨ ᠲᠠᠯ᠎ᠠ ᠪᠠᠷ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠠᠮᠲᠤ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号