ᠥᠪᠥᠷ ᠮᠣᠩᠭᠤᠯ ᠤᠨ ᠠᠩᠬᠠᠳᠤᠭᠠᠷ ᠪᠦᠯᠦᠭ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠤᠷᠤᠭᠴᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2017/9/12
      ᠡᠨᠡ ᠵᠢᠯ ᠮᠠᠨ ᠤ ᠣᠷᠣᠨ ᠤ ᠠᠩᠬᠠᠳᠤᠭᠠᠷ ᠤᠳᠠᠭ᠎ᠠ ᠶᠢᠨ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠠᠵᠢᠯ ᠨᠢᠭᠡᠨᠲᠡ ᠳᠠᠭᠤᠰᠤᠭᠰᠠᠨ ᠪᠠᠶᠢᠨ᠎ᠠ᠂ ᠡᠭᠦᠨ ᠳᠤ ᠡᠯᠰᠡᠭᠰᠡᠨ ᠪᠠᠶᠢᠳᠠᠯ ᠨᠢ ᠶᠠᠮᠠᠷ ᠵᠡᠷᠭᠡ ᠪᠤᠢ︖ ᠰᠤᠷᠤᠭᠴᠢᠳ ᠰᠤᠷᠭᠠᠭᠤᠯᠢ ᠳᠤ ᠤᠷᠤᠭᠰᠠᠨ ᠤ ᠳᠠᠷᠠᠭ᠎ᠠ ᠰᠤᠷᠭᠠᠭᠤᠯᠢ ᠶᠢᠨ ᠲᠠᠯ᠎ᠠ ᠠᠴᠠ ᠬᠡᠷᠬᠢᠨ ᠬᠠᠮᠢᠶᠠᠷᠬᠤ ᠪᠤᠢ︖ ᠡᠬᠦᠨ ᠤ ᠲᠤᠬᠠᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠭᠰᠡᠨ ᠪᠠᠶᠢᠨ᠎ᠠ᠃      ᠠᠰᠠᠭᠤᠯᠲᠠ᠄ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠰᠦᠢᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠲᠦᠯᠦᠪᠯᠡᠭᠡ ᠶᠢ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠤᠷᠢᠳᠴᠢᠯᠠᠨ ᠰᠤᠷᠤᠭᠴᠢ ᠡᠯᠰᠡᠬᠦ ᠠᠵᠢᠯ ᠳᠤ ᠤᠷᠤᠭᠤᠯᠪᠠ︔ ᠲᠤᠰ ᠪᠦᠯᠦᠭ ᠤᠳᠠᠭ᠎ᠠ ᠶᠢᠨ ᠡᠷᠡᠮᠡᠯᠵᠡᠯ ᠲᠠᠭᠯᠠᠭᠰᠠᠨ ᠪᠠᠶᠢᠳᠠᠯ ᠢ ᠲᠤᠬᠠᠢ ᠶᠢᠨ ᠡᠳᠦᠷ ᠤᠨ ᠡᠵᠡᠮᠰᠢᠭᠰᠡᠨ ᠪᠠᠶᠢᠳᠠᠯ ᠠᠴᠠ ᠦᠵᠡᠪᠡᠯ᠂ ᠨᠡᠷ᠎ᠡ ᠮᠡᠳᠡᠭᠦᠯᠦᠭᠰᠡᠨ ᠪᠠᠶᠢᠳᠠᠯ ᠨᠢ ᠶᠠᠮᠠᠷ ᠵᠡᠷᠭᠡ ᠪᠤᠢ︖ ᠳᠠᠩᠰᠠ ᠡᠪᠬᠡᠮᠡᠯ ᠢ ᠪᠤᠴᠠᠭᠠᠭᠰᠠᠨ ᠪᠠᠶᠢᠳᠠᠯ ᠭᠠᠷᠤᠭᠰᠠᠨ ᠤᠤ︖ ᠤᠷᠢᠳᠴᠢᠯᠠᠨ ᠡᠯᠰᠡᠬᠦ ᠤᠳᠠᠭ᠎ᠠ ᠳᠤ ᠳᠠᠷᠤᠶ ᠡᠯᠰᠡᠬᠦ ᠲᠦᠯᠦᠪᠯᠡᠭᠡ ᠪᠠᠨ ᠪᠡᠶᠡᠯᠡᠬᠦᠯᠦᠭᠰᠡᠨ ᠤᠤ︖      ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠬᠥᠮᠦᠵᠢᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠬᠡᠷᠡᠭᠵᠢᠭᠦᠯᠬᠦ ᠲᠥᠰᠦᠯ︾ ᠤᠨ ᠲᠤᠭᠲᠠᠭᠠᠯ ᠢ ᠦᠨᠳᠦᠰᠦᠯᠡᠪᠡᠯ᠂ ᠡᠨᠡ ᠵᠢᠯ ᠤᠨ ᠰᠦᠢᠳᠬᠡᠯ ᠥᠯᠥ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠬᠥᠮᠦᠵᠢᠭᠦᠯᠬᠦ ᠲᠦᠯᠦᠪᠯᠡᠭᠡ ᠶᠢᠨ ᠰᠤᠷᠤᠭᠴᠢ ᠡᠯᠰᠡᠬᠦ ᠲᠦᠯᠢᠪᠯᠡᠭᠡ ᠶᠢ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠤᠷᠢᠳᠴᠢᠯᠠᠨ ᠰᠤᠷᠤᠭᠴᠢ ᠡᠯᠰᠡᠬᠦ ᠠᠵᠢᠯ ᠳᠤ ᠤᠷᠤᠭᠤᠯᠪᠠ᠃ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠪᠠᠶᠢᠳᠠᠯ ᠨᠡᠯᠢᠶᠡᠳ ᠰᠠᠶᠢᠨ ᠪᠦᠭᠡᠳ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠢ ᠨᠡᠯᠢᠶᠡᠳ ᠬᠦᠯᠢᠶᠡᠨ ᠵᠦᠪᠰᠢᠶᠡᠷᠡᠵᠤ ᠪᠤᠢ᠃ ᠲᠡᠭᠦᠰᠬᠡᠭᠰᠡᠨ ᠤ ᠳᠠᠷᠠᠭ᠎ᠠ ᠣᠷᠣᠨ ᠲᠤᠭ᠎ᠠ ᠶᠢ ᠨᠢ ᠰᠢᠭᠤᠳ ᠰᠢᠢᠳᠪᠦᠷᠢᠯᠡᠬᠦ ᠪᠤᠯᠬᠤᠷ᠂ ᠡᠨᠡ ᠲᠠᠯ᠎ᠠ ᠪᠠᠷ ᠰᠢᠯᠭᠠᠭᠤᠯᠤᠭᠴᠢ ᠢᠯᠠᠩᠭᠤᠶ᠎ᠠ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠰᠢᠯᠭᠠᠭᠤᠯᠤᠭᠴᠢ ᠳᠤ ᠮᠠᠰᠢ ᠶᠡᠭᠡ ᠲᠠᠲᠠᠬᠤ ᠬᠦᠴᠦᠨ ᠲᠠᠢ ᠪᠠᠶᠢᠭ᠎ᠠ ᠶᠤᠮ᠃      7 ᠳ᠋ᠤᠭᠠᠷ ᠰᠠᠷ᠎ᠠ ᠶᠢᠨ 2 ᠤᠨ ᠡᠳᠦᠷ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠪᠠᠶᠢᠳᠠᠯ ᠳᠣᠣᠷᠠᠬᠢ ᠮᠡᠲᠦ᠄ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ᠤᠨ ᠠᠩᠬᠢ 22 ᠬᠥᠮᠦᠨ ᠡᠯᠰᠡᠬᠦ ᠪᠠᠷ ᠲᠥᠯᠥᠪᠯᠡᠵᠦ᠂ 33 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠤᠷᠠᠨ ᠵᠢᠷᠤᠭ ᠤᠨ ᠠᠩᠬᠢ 1 ᠬᠥᠮᠦᠨ ᠡᠯᠰᠡᠬᠦ ᠪᠠᠷ ᠲᠥᠯᠥᠪᠯᠡᠵᠦ᠂ 1 ᠬᠦᠮᠦᠨ ᠨᠡᠷ᠎ᠡ ᠮᠡᠳᠡᠭᠦᠯᠪᠡ︔ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ᠤᠨ ᠠᠩᠬᠢ 17 ᠬᠥᠮᠦᠨ ᠡᠯᠰᠡᠬᠦ ᠪᠠᠷ ᠲᠥᠯᠥᠪᠯᠡᠵᠦ᠂  24 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠳᠠᠭᠤᠤ ᠬᠥᠭᠵᠢᠮ ᠤᠨ ᠠᠩᠬᠢ 1 ᠬᠥᠮᠦᠨ ᠡᠯᠰᠡᠬᠦ ᠪᠠᠷ ᠲᠥᠯᠥᠪᠯᠡᠵᠦ᠂ 1 ᠬᠦᠮᠦᠨ ᠨᠡᠷ᠎ᠡ ᠮᠡᠳᠡᠭᠦᠯᠪᠡ︔ ᠬᠢᠲᠠᠳ ᠢᠶᠠᠷ ᠬᠢᠴᠢᠶᠡᠯᠯᠡᠬᠦ ᠪᠤᠰᠤᠳ ᠤᠷᠠᠯᠢᠭ ᠤᠨ ᠲᠦᠷᠦᠯ ᠤᠨ ᠠᠩᠬᠢ 6 ᠬᠥᠮᠦᠨ ᠡᠯᠰᠡᠬᠦ ᠪᠠᠷ ᠲᠥᠯᠥᠪᠯᠡᠵᠦ᠂ 6 ᠬᠦᠮᠦᠨ ᠨᠡᠷ᠎ᠡ ᠮᠡᠳᠡᠭᠦᠯᠪᠡ︔ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ ᠠᠩᠬᠢ 26 ᠬᠥᠮᠦᠨ ᠡᠯᠰᠡᠬᠦ ᠪᠠᠷ ᠲᠥᠯᠥᠪᠯᠡᠵᠦ᠂ 32 ᠬᠥᠮᠦᠨ ᠨᠡᠷ᠎ᠡ ᠮᠡᠳᠡᠭᠦᠯᠪᠡ ︵ᠬᠠᠷᠢᠴᠠᠯ ᠢᠶᠠᠷ ᠳᠠᠩᠰᠠᠯᠠᠵᠤ᠂ ᠪᠦᠬᠦ  ᠰᠢᠯᠭᠠᠭᠤᠯᠤᠭᠴᠢ ᠶᠢᠨ ᠲᠤᠭ᠎ᠠ ᠶᠢ ᠪᠠᠭᠲᠠᠭᠠᠭᠰᠠᠨ ᠦᠭᠡᠢ︶︔ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ ᠠᠩᠬᠢ 1 ᠬᠥᠮᠦᠨ ᠡᠯᠰᠡᠬᠦ ᠪᠠᠷ ᠲᠥᠯᠥᠪᠯᠡᠵᠦ᠂ 2 ᠬᠥᠮᠦᠨ ᠨᠡᠷ᠎ᠡ ᠮᠡᠳᠡᠭᠦᠯᠪᠡ  ︵ᠬᠠᠷᠢᠴᠠᠯ ᠢᠶᠠᠷ ᠳᠠᠩᠰᠠᠯᠠᠵᠤ᠂ ᠪᠦᠬᠦ ᠰᠢᠯᠭᠠᠭᠤᠯᠤᠭᠴᠢ ᠶᠢᠨ ᠲᠤᠭ᠎ᠠ ᠶᠢ ᠪᠠᠭᠲᠠᠭᠠᠭᠰᠠᠨ ᠦᠭᠡᠢ︶᠃      7 ᠳ᠋ᠤᠭᠠᠷ ᠰᠠᠷ᠎ᠠ ᠶᠢᠨ 6 ᠤ ᠡᠳᠦᠷ ᠤᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠪᠠᠶᠢᠳᠠᠯ ᠳᠣᠣᠷᠠᠬᠢ ᠮᠡᠲᠦ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠠᠩᠬᠢ 135 ᠬᠥᠮᠦᠨ ᠡᠯᠰᠡᠬᠦ ᠪᠠᠷ ᠲᠦᠯᠦᠪᠯᠡᠵᠤ᠂ 1032 ᠬᠦᠮᠦᠨ ᠨᠡᠷ᠎ᠡ ᠮᠡᠳᠡᠭᠦᠯᠪᠡ᠃ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ 165 ᠬᠥᠮᠦᠨ ᠡᠯᠰᠡᠬᠦ ᠪᠠᠷ ᠲᠥᠯᠥᠪᠯᠡᠵᠦ᠂ 1301 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠠᠩᠬᠢ 2 ᠬᠥᠮᠦᠨ ᠡᠯᠰᠡᠬᠦ ᠪᠠᠷ ᠲᠥᠯᠥᠪᠯᠡᠵᠦ᠂ 212 ᠬᠥᠮᠦᠨ ᠨᠡᠷ᠎ᠡ ᠮᠡᠳᠡᠭᠦᠯᠪᠡ︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ 6 ᠬᠥᠮᠦᠨ ᠡᠯᠰᠡᠬᠦ ᠪᠠᠷ ᠲᠥᠯᠥᠪᠯᠡᠵᠦ᠂ 114 ᠬᠦᠮᠦᠨ ᠨᠡᠷ᠎ᠡ ᠮᠡᠳᠡᠭᠦᠯᠪᠡ᠃      ᠤᠷᠢᠳᠴᠢᠯᠠᠨ ᠡᠯᠰᠡᠬᠦ ᠤᠳᠠᠭ᠎ᠠ ᠳᠤ ᠰᠣᠷᠣᠭᠴᠢ ᠡᠯᠰᠡᠬᠦ ᠪᠦᠬᠦ ᠲᠥᠯᠥᠪᠯᠡᠭᠡ ᠪᠠᠨ ᠪᠡᠶᠡᠯᠡᠭᠦᠯᠦᠭᠰᠡᠨ ᠪᠠᠶᠢᠨ᠎ᠠ᠃ ᠳᠠᠩᠰᠠ ᠡᠪᠬᠡᠮᠡᠯ ᠢ ᠨᠢ ᠪᠤᠴᠠᠭᠠᠭᠰᠠᠨ ᠰᠢᠯᠭᠠᠭᠤᠯᠤᠭᠴᠢ ᠪᠤᠢ᠂ ᠰᠢᠯᠲᠠᠭᠠᠨ ᠨᠢ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠲᠤᠰᠬᠠᠶ ᠮᠡᠷᠭᠡᠵᠢᠯ ᠨᠢ ᠨᠢᠭᠡᠨᠲᠡ ᠡᠯᠰᠡᠭᠰᠡᠨ ᠬᠦᠮᠦᠨ ᠤ ᠲᠤᠭ᠎ᠠ ᠪᠠᠷ ᠳᠦᠬᠦᠷᠦᠭᠰᠡᠨ ᠮᠥᠷᠲᠡᠭᠡᠨ ᠲᠤᠬᠢᠷᠠᠭᠤᠯᠤᠯᠲᠠ ᠶᠢ ᠲᠡᠭᠠᠬᠤ ᠦᠭᠡᠢ ᠠᠴᠠ ᠪᠤᠯᠵᠠᠢ᠃      ᠠᠰᠠᠭᠤᠯᠲᠠ᠄ ᠡᠯᠰᠡᠭᠰᠡᠨ ᠬᠠᠮᠤᠭ ᠤᠨ ᠥᠨᠳᠥᠷ ᠬᠤᠪᠢ ᠨᠢ ᠬᠡᠳᠦᠶ ᠪᠤᠢ︖ ᠠᠯᠢ ᠲᠤᠰᠬᠠᠶ ᠮᠡᠷᠭᠡᠵᠢᠯ ᠤᠨ  ᠬᠢ ᠪᠤᠢ︖ ᠬᠠᠮᠤᠭ ᠤᠨ ᠳᠣᠣᠷ᠎ᠠ ᠬᠤᠪᠢ ᠨᠢ ᠬᠡᠳᠦᠢ ᠪᠤᠢ︖      ᠬᠠᠷᠢᠭᠤᠯᠲᠠ᠄ ᠰᠦᠢᠳᠬᠡᠯ ᠦᠯᠦ ᠬᠤᠷᠢᠶᠠᠬᠤ ᠲᠤᠭᠲᠠᠭᠰᠠᠨ ᠬᠠᠨᠳᠤᠯᠭᠠᠲᠤ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠳᠤ ᠲᠤᠰᠬᠠᠶ ᠮᠡᠷᠭᠡᠵᠢᠯ ᠢ ᠨᠢ ᠬᠤᠪᠢᠶᠠᠬᠤ ᠮᠦᠷᠲᠡᠭᠡᠨ ᠪᠠᠰᠠ ᠬᠤᠰᠢᠭᠤ ᠰᠢᠶᠠᠨ ᠬᠤᠪᠢᠶᠠᠵᠤ᠂ ᠠᠳᠠᠯᠢ ᠲᠤᠰᠬᠠᠶ ᠮᠡᠷᠭᠡᠵᠢᠯ ᠤᠨ ᠠᠳᠠᠯᠢ ᠪᠤᠰᠤ ᠬᠤᠰᠢᠭᠤ ᠰᠢᠶᠠᠨ ᠠᠴᠠ ᠡᠯᠰᠡᠬᠦ ᠬᠤᠪᠢ ᠨᠢ ᠴᠤ ᠪᠦᠷ ᠠᠳᠠᠯᠢ ᠪᠤᠰᠤ ᠪᠠᠶᠢᠳᠠᠭ᠃ ᠤᠷᠠᠯᠢᠭ ᠪᠡᠶ᠎ᠡ ᠶᠢᠨ ᠲᠠᠮᠢᠷ ᠤᠨ ᠲᠥᠷᠥᠯ ᠤᠨ ᠰᠣᠷᠣᠭᠴᠢ ᠡᠯᠰᠡᠬᠦ ᠵᠠᠷᠴᠢᠮ ᠳᠤ ᠰᠣᠯᠢᠵᠤ ᠪᠤᠳᠤᠬᠤ ᠬᠡᠷᠡᠭᠴᠡᠭᠡᠲᠠᠢ ᠤᠴᠢᠷ ᠠᠴᠠ ᠠᠳᠠᠯᠢᠳᠬᠠᠪᠠᠯ ᠰᠢᠭᠤᠳ ᠦᠵᠡᠬᠦᠯᠵᠤ ᠴᠢᠳᠠᠬᠤ ᠦᠭᠡᠢ ᠪᠠᠶᠢᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠢᠶᠠᠷ ᠨᠢ ᠪᠦᠷᠢᠳᠭᠡᠪᠡᠯ ᠰᠠᠶ᠋ᠢ ᠬᠠᠷᠢᠴᠠᠩᠭᠤᠢ  ᠪᠠᠷ ᠰᠢᠭᠤᠳ ᠦᠵᠡᠬᠦᠯᠵᠤ ᠴᠢᠳᠠᠳᠠᠭ᠃      ᠡᠯᠰᠡᠭᠰᠡᠨ ᠰᠢᠯᠭᠠᠭᠤᠯᠤᠭᠴᠢ ᠶᠢᠨ ᠬᠠᠮᠤᠭ ᠤᠨ ᠥᠨᠳᠥᠷ ᠬᠤᠪᠢ ᠪᠣᠯᠤᠨ ᠬᠠᠮᠤᠭ ᠤᠨ ᠳᠣᠣᠷ᠎ᠠ ᠬᠤᠪᠢ ᠨᠢ ᠳᠤᠤᠷᠠᠬᠢ ᠮᠡᠲᠦ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠭᠢ ᠶᠢᠨ ᠬᠤᠪᠢ ᠶᠢᠨ ᠱᠤᠭᠤᠮ ᠨᠢ 472᠂ ᠬᠠᠮᠤᠭ ᠤᠨ ᠥᠨᠳᠥᠷ ᠬᠤᠪᠢ ᠨᠢ 554᠂ ᠬᠠᠮᠤᠭ ᠤᠨ ᠳᠣᠣᠷ᠎ᠠ ᠬᠤᠪᠢ ᠨᠢ 494 ᠪᠤᠯᠤᠨ᠎ᠠ︔ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠭᠢ ᠶᠢᠨ ᠬᠤᠪᠢ ᠶᠢᠨ ᠱᠤᠭᠤᠮ ᠨᠢ 466᠂ ᠬᠠᠮᠤᠭ ᠤᠨ ᠥᠨᠳᠥᠷ ᠬᠤᠪᠢ ᠨᠢ 594᠂ ᠬᠠᠮᠤᠭ ᠤᠨ ᠳᠣᠣᠷ᠎ᠠ ᠬᠤᠪᠢ ᠨᠢ 509 ᠪᠤᠯᠤᠨ᠎ᠠ︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠬᠢ ᠶᠢᠨ ᠬᠤᠪᠢ ᠶᠢᠨ ᠱᠤᠭᠤᠮ ᠨᠢ 380᠂ ᠬᠠᠮᠤᠭ ᠤᠨ ᠥᠨᠳᠥᠷ ᠬᠤᠪᠢ ᠨᠢ 494᠂ ᠬᠠᠮᠤᠭ ᠤᠨ ᠳᠣᠣᠷ᠎ᠠ ᠬᠤᠪᠢ ᠨᠢ 468 ᠪᠤᠯᠤᠨ᠎ᠠ︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡᠳᠦᠭᠡᠷ ᠡᠭᠡᠯᠵᠢ ᠶᠢᠨ ᠦᠨᠳᠦᠰᠦᠨ ᠠᠩᠭᠢ ᠶᠢᠨ ᠬᠤᠪᠢ ᠶᠢᠨ ᠱᠤᠭᠤᠮ  ᠨᠢ 345᠂ ᠬᠠᠮᠤᠭ ᠤᠨ ᠥᠨᠳᠥᠷ ᠬᠤᠪᠢ ᠨᠢ 489᠂ ᠬᠠᠮᠤᠭ ᠤᠨ ᠳᠣᠣᠷ᠎ᠠ ᠬᠤᠪᠢ ᠨᠢ 455 ᠪᠤᠯᠤᠨ᠎ᠠ᠃      ᠬᠤᠪᠢ ᠶᠢᠨ ᠱᠤᠭᠤᠮ ᠢᠶᠠᠷ ᠬᠠᠮᠤᠭ ᠤᠨ ᠥᠨᠳᠥᠷ ᠪᠤᠯᠬᠤ ᠲᠤᠰᠬᠠᠶ ᠮᠡᠷᠭᠡᠵᠢᠯ ᠨᠢ ᠲᠤᠰ ᠲᠤᠰ᠄ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠲᠠᠳ ᠬᠡᠯᠡ ᠤᠳᠬ᠎ᠠ ᠵᠣᠬᠢᠶᠠᠯ ︵ᠲᠤᠭᠲᠠᠭᠰᠠᠨ ᠴᠢᠭᠯᠡᠯ ᠨᠢ ᠳᠠᠯᠠᠳ ᠬᠤᠰᠢᠭᠤ︶ ᠤᠨ ᠡᠯᠰᠡᠬᠦ ᠬᠠᠮᠤᠭ ᠤᠨ ᠳᠤᠤᠷ᠎ᠠ ᠬᠤᠪᠢ ᠨᠢ 529︔ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ ︵ᠲᠤᠭᠲᠠᠭᠰᠠᠨ ᠴᠢᠭᠯᠡᠯ ᠨᠢ ᠳᠠᠯᠠᠳ ᠬᠤᠰᠢᠭᠤ︶ ᠤ ᠡᠯᠰᠡᠬᠦ ᠬᠠᠮᠤᠭ ᠤᠨ ᠳᠤᠤᠷ᠎ᠠ ᠬᠤᠪᠢ ᠨᠢ 563︔ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠡᠯᠡ ᠤᠳᠬ᠎ᠠ ᠵᠣᠬᠢᠶᠠᠯ ︵ᠲᠤᠭᠲᠠᠭᠰᠠᠨ ᠴᠢᠭᠯᠡᠯ ᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ︶ ᠤᠨ ᠡᠯᠰᠡᠬᠦ ᠬᠠᠮᠤᠭ ᠤᠨ ᠳᠤᠤᠷ᠎ᠠ ᠬᠤᠪᠢ ᠨᠢ 491︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ ︵ᠲᠤᠭᠲᠠᠭᠰᠠᠨ ᠴᠢᠭᠯᠡᠯ ᠨᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ︶ ᠤ ᠡᠯᠰᠡᠬᠦ ᠬᠠᠮᠤᠭ ᠤᠨ ᠳᠤᠤᠷ᠎ᠠ ᠬᠤᠪᠢ ᠨᠢ 485 ᠪᠤᠯᠤᠨ᠎ᠠ᠃      ᠠᠰᠠᠭᠤᠯᠲᠠ᠄ ᠡᠷᠡᠮᠡᠯᠵᠡᠯᠡᠯ ᠲᠠᠭᠯᠠᠭᠰᠠᠨ ᠪᠠᠶᠢᠳᠠᠯ ᠠᠴᠠ ᠦᠵᠡᠪᠡᠯ᠂ ᠠᠯᠢ ᠲᠤᠰᠬᠠᠶ ᠮᠡᠷᠭᠡᠵᠢᠯ ᠢ ᠬᠥᠮᠦᠰ ᠬᠠᠮᠤᠭ ᠲᠠᠭᠠᠰᠢᠶᠠᠳᠠᠭ ᠪᠤᠢ︖ ᠡᠷᠡᠭᠲᠡᠶ ᠡᠮᠡᠭᠲᠡᠶ ᠶᠢᠨ ᠬᠠᠷᠢᠴᠠᠯ ᠨᠢ ᠶᠠᠮᠠᠷ ᠪᠠᠶᠢᠳᠠᠭ ᠪᠤᠢ︖      ᠬᠠᠷᠢᠭᠤᠯᠲᠠ᠄ ᠬᠤᠪᠢ ᠨᠢ ᠥᠨᠳᠥᠷ ᠲᠤᠰᠬᠠᠶ ᠮᠡᠷᠭᠡᠵᠢᠯ ᠪᠣᠯ ᠨᠡᠯᠢᠶᠡᠳ ᠶᠡᠭᠡ ᠪᠠᠷ ᠲᠠᠭᠠᠰᠢᠶᠠᠭᠳᠠᠭᠰᠠᠨ ᠲᠤᠰᠬᠠᠶ ᠮᠡᠷᠭᠡᠵᠢᠯ ᠪᠣᠯᠣᠨ᠎ᠠ᠃      ᠡᠯᠰᠡᠭᠳᠡᠭᠰᠡᠨ 386 ᠰᠢᠯᠭᠠᠭᠤᠯᠤᠭᠴᠢ ᠶᠢᠨ ᠳᠣᠲᠣᠷ᠎ᠠ ᠂ ᠡᠷᠡᠭᠲᠡᠶ ᠰᠤᠷᠤᠭᠴᠢ 103 ᠬᠥᠮᠦᠨ᠂ ᠡᠮᠡᠭᠲᠡᠶ ᠰᠤᠷᠤᠭᠴᠢ 283 ᠬᠥᠮᠦᠨ ᠪᠤᠶ᠃ ᠪᠠᠭᠰᠢ ᠶᠢᠨ ᠮᠡᠷᠭᠡᠵᠢᠯ ᠰᠤᠷᠬᠤ ᠰᠤᠷᠤᠭᠴᠢᠳ ᠲᠤ ᠡᠮᠡᠭᠲᠡᠶ ᠰᠤᠷᠤᠭᠴᠢ ᠣᠯᠠᠨ ᠪᠠᠶᠢᠬᠤ ᠵᠤᠷᠰᠢᠯ ᠮᠥᠨ ᠯᠡ ᠦᠷᠭᠦᠯᠵᠢᠯᠡᠪᠡ᠃      ᠠᠰᠠᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠤᠯᠠᠨ ᠲᠤᠭ᠎ᠠ ᠶᠢ ᠡᠵᠡᠯᠡᠵᠦ ᠪᠠᠶᠢᠨ᠎ᠠ ᠦᠦ︖ ᠡᠯᠰᠡᠩᠰᠡᠨ ᠰᠢᠯᠭᠠᠭᠤᠯᠤᠭᠴᠢ ᠳᠤ᠂ ᠬᠤᠳᠠ ᠪᠠ ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠴᠢ ᠲᠣᠰ ᠲᠤᠰ ᠬᠡᠳᠦᠶ ᠪᠠᠶᠢᠬᠤ ᠪᠤᠢ︖     ᠬᠠᠷᠢᠭᠤᠯᠲᠠ᠄ ᠪᠣᠳᠠᠲᠠᠢ ᠡᠯᠰᠡᠭᠰᠡᠨ ᠦᠷ᠎ᠡ ᠳ᠋ᠦᠩ ᠣᠯᠠᠩᠬᠢ ᠬᠥᠮᠥᠰ ᠤᠨ ᠪᠣᠳᠣᠭᠰᠠᠨ ᠰᠢᠭ ᠪᠢᠰᠢ ᠶᠤᠮ᠃ ᠡᠯᠰᠡᠭᠳᠡᠭᠰᠡᠨ 386 ᠰᠢᠯᠭᠠᠭᠤᠯᠤᠭᠴᠢ ᠶᠢᠨ ᠳᠣᠲᠣᠷ᠎ᠠ᠂ ᠬᠤᠳᠠ ᠶᠢᠨ ᠰᠢᠯᠭᠠᠭᠤᠯᠤᠭᠴᠢ 205 ᠬᠥᠮᠦᠨ᠂ ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠴᠢ 181 ᠬᠥᠮᠦᠨ᠂ ᠬᠤᠳᠠ ᠶᠢᠨ ᠰᠢᠯᠭᠠᠭᠤᠯᠤᠭᠰᠠᠳ ᠬᠠᠷᠢᠨ ᠮᠠᠯᠵᠢᠬᠤ ᠲᠠᠷᠢᠶᠠᠯᠠᠬᠤ ᠣᠷᠣᠨ ᠤ ᠰᠢᠯᠭᠠᠭᠤᠯᠤᠭᠰᠠᠳ ᠠᠴᠠ ᠢᠯᠡᠭᠦᠦ ᠪᠣᠯᠵᠠᠢ  ᠃      ᠠᠰᠠᠭᠤᠯᠲᠠ᠄ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠦᠢᠳᠬᠡᠯ ᠣᠢᠯᠤ ᠬᠤᠷᠢᠶᠠᠬᠤ ᠬᠠᠨᠳᠤᠯᠭ᠎ᠠ ᠲᠠᠢ ᠪᠠᠭᠰᠢ ᠬᠥᠮᠦᠵᠢᠭᠦᠯᠬᠦ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠬᠥᠮᠦᠵᠢᠭᠦᠯᠬᠦ ᠰᠤᠷᠭᠠᠭᠤᠯᠢ ᠳᠤ ᠡᠯᠰᠡᠭᠳᠡᠭᠰᠡᠨ ᠤ ᠳᠠᠷᠠᠭ᠎ᠠ᠂ ᠡᠷᠬᠡᠪᠰᠢ ᠭᠤᠷᠪᠠᠨ ᠲᠠᠯ᠎ᠠ ᠶᠢᠨ ᠬᠡᠯᠡᠯᠴᠡᠭᠡᠷ ᠤᠨ ᠪᠢᠴᠢᠭ ᠲᠣᠭᠲᠠᠪᠠᠯ ᠰᠠᠶ᠋ᠢ ᠡᠯᠰᠡᠬᠦ ᠮᠡᠳᠡᠭᠳᠡᠯ ᠤᠨ ᠪᠢᠴᠢᠭ ᠬᠦᠴᠦᠨ ᠲᠠᠢ ᠪᠣᠯᠤᠨ᠎ᠠ᠃ ᠡᠳᠦᠭᠡ᠂ ᠭᠤᠷᠪᠠᠨ ᠲᠠᠯ᠎ᠠ ᠶᠢᠨ ᠬᠡᠯᠡᠯᠴᠡᠭᠡᠷ ᠤᠨ ᠪᠢᠴᠢᠭ ᠤᠨ ᠲᠣᠭᠲᠠᠭᠰᠠᠨ ᠪᠠᠶᠢᠳᠠᠯ ᠶᠠᠮᠠᠷ ᠪᠤᠢ︖ ᠰᠦᠢᠳᠬᠡᠯ ᠣᠢᠯᠤ ᠬᠤᠷᠢᠶᠠᠬᠤ ᠪᠠᠭᠰᠢ ᠶᠢᠨ ᠬᠢᠷᠢ ᠬᠡᠮ ᠢᠶᠠᠨ ᠬᠠᠶᠠᠭᠰᠠᠨ ᠰᠢᠯᠭᠠᠭᠤᠯᠤᠭᠴᠢ ᠪᠠᠶᠢᠨ᠎ᠠ ᠦᠦ︖      ᠬᠠᠷᠢᠭᠤᠯᠲᠠ᠄ ᠭᠤᠷᠪᠠᠨ ᠲᠠᠯ᠎ᠠ ᠶᠢᠨ ᠬᠡᠯᠡᠯᠴᠡᠭᠡᠷ ᠤᠨ ᠦᠯᠢᠭᠡᠷ ᠳᠡᠪᠲᠡᠷ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠩᠭᠠᠵᠤ᠂ ᠰᠤᠷᠭᠠᠭᠤᠯᠢ ᠳᠠᠷᠤᠮᠠᠯᠯᠠᠨ᠂ ᠬᠡᠯᠡᠯᠴᠡᠭᠡᠷ ᠢ ᠠᠳᠠᠯᠢᠬᠠᠨ ᠲᠦᠷᠪᠡᠨ ᠬᠤᠪᠢ ᠦᠢᠯᠡᠳᠴᠦ᠂ ᠰᠢᠯᠭᠠᠭᠤᠯᠤᠭᠴᠢ᠂ ᠬᠤᠰᠢᠭᠤ ᠰᠢᠶᠠᠨ ︵ᠬᠤᠳᠠ᠂ ᠲᠣᠭᠤᠷᠢᠭ︶ ᠪᠠ ᠰᠤᠷᠭᠠᠭᠤᠯᠢ ᠲᠤᠰ ᠪᠦᠷᠢ ᠨᠢᠭᠡ ᠬᠤᠪᠢ ᠶᠢ ᠠᠪᠴᠤ᠂ ᠡᠴᠦᠰ ᠤᠨ ᠨᠢᠭᠡ ᠬᠤᠪᠢ ᠶᠢ ᠰᠤᠷᠤᠭᠴᠢ ᠶᠢᠨ ᠳᠠᠩᠰᠠ ᠡᠪᠬᠡᠮᠡᠯ ᠳᠤ ᠣᠷᠣᠭᠤᠯᠤᠨ᠎ᠠ᠃ ᠰᠤᠷᠭᠠᠭᠤᠯᠢ ᠶᠢᠨ ᠠᠯᠪᠠᠨ ᠲᠠᠮᠠᠭ᠎ᠠ ᠪᠠ ᠰᠤᠷᠭᠠᠭᠤᠯᠢ ᠶᠢᠨ ᠵᠠᠬᠢᠷᠤᠯ ᠤᠨ ᠭᠠᠷ ᠤᠨ ᠤᠢᠰᠦᠭ ᠲᠠᠮᠠᠭ᠎ᠠ ᠶᠢ ᠳᠠᠷᠤᠵᠤ ᠪᠡᠯᠡᠳᠬᠡᠭᠰᠡᠨ ᠤ ᠳᠠᠷᠠᠭ᠎ᠠ᠂ EMS ᠤᠨ ᠲᠦᠷᠭᠡᠨ ᠳᠠᠮᠵᠢᠭᠤᠯᠭ᠎ᠠ ᠶᠢᠨ ᠰᠢᠦᠳᠠᠨ ᠢᠶᠠᠷ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠭᠤᠪᠢᠭᠤᠯᠤᠨ᠂ ᠣᠢᠢᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠨᠢᠭᠡᠨᠲᠡ ᠬᠤᠷᠢᠶᠠᠨ ᠠᠪᠤᠭᠰᠠᠨ ᠪᠠᠶᠢᠨ᠎ᠠ᠃ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠢ ᠵᠣᠬᠢᠶᠠᠨ ᠪᠠᠶᠢᠭᠤᠯᠵᠤ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠨ᠂ ᠭᠠᠷ ᠤᠨ ᠦᠰᠦᠭ ᠵᠢᠷᠤᠵᠤ᠂ ᠲᠤᠭᠲᠠᠭᠰᠠᠨ ᠬᠡᠯᠡᠯᠴᠡᠭᠡᠷ ᠤᠨ ᠲᠦᠷᠪᠡᠨ ᠬᠤᠪᠢ ᠶᠢᠨ 2 ᠬᠤᠪᠢ ᠶᠢ  ᠨᠢ ᠰᠢᠦᠳᠠᠨ ᠢᠶᠠᠷ ᠰᠤᠷᠭᠠᠭᠤᠯᠢ ᠳᠤ ᠭᠤᠪᠢᠭᠤᠯᠤᠨ᠎ᠠ᠃      ᠬᠠᠮᠢᠶ᠎ᠠ ᠪᠦᠬᠦᠢ ᠠᠵᠢᠯ ᠤᠳᠤ ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠶᠢᠨ᠎ᠠ᠂ ᠰᠦᠢᠳᠬᠡᠯ ᠣᠢᠯᠤ ᠬᠤᠷᠢᠶᠠᠬᠤ ᠪᠠᠭᠰᠢ ᠶᠢᠨ ᠬᠢᠷᠢ ᠬᠡᠮ ᠢᠶᠠᠨ ᠬᠠᠶᠠᠭᠰᠠᠨ ᠰᠢᠯᠭᠠᠭᠤᠯᠤᠭᠴᠢ ᠪᠠᠶᠢᠬᠤ ᠡᠰᠡᠬᠦ ᠶᠢ ᠣᠳᠣᠬᠠᠨ ᠳᠤ ᠪᠠᠰᠠ ᠬᠠᠷᠢᠭᠤ ᠲᠤᠰᠬᠠᠯ ᠣᠯᠤᠭᠠᠳᠤᠶ ᠪᠠᠢᠭᠰᠠᠭᠠᠷ ᠪᠠᠶᠢᠨ᠎ᠠ᠃      ᠠᠰᠠᠭᠤᠯᠲᠠ᠄ ᠡᠷᠬᠢᠮ ᠰᠤᠷᠭᠠᠭᠤᠯᠢ ᠶᠢᠨ ᠠᠩᠬ᠎ᠠ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭᠲᠦ  ᠠᠴᠠ ᠠᠪᠴᠤ ᠦᠵᠡᠪᠡᠯ᠂ 386 ᠨᠡᠷ᠎ᠡ ᠡᠯᠰᠡᠬᠦ ᠰᠤᠷᠤᠭᠴᠢ ᠶᠢᠨ ᠳᠣᠲᠣᠷ᠎ᠠ᠂ 180 ᠶᠢᠨ ᠬᠠᠨᠳᠤᠯᠭ᠎ᠠ ᠲᠠᠢ ᠦᠢᠯᠡᠴᠢᠯᠡᠭᠡᠨ ᠤ ᠲᠣᠭᠤᠷᠢᠭ ᠨᠢ ᠳᠠᠯᠠᠳ ᠬᠤᠰᠢᠭᠤ ᠪᠠᠶᠢᠵᠤ᠂ ᠬᠠᠮᠤᠭ ᠤᠯᠠᠨ ᠪᠠᠶᠢᠨ᠎ᠠ᠂ ᠶᠠᠭᠤᠨ ᠤ ᠤᠴᠢᠷ ᠠᠴᠠ ᠪᠣᠢ︖ ᠡᠭᠦᠨ ᠠᠴᠠ ᠭᠠᠳᠠᠨ᠎ᠠ᠂ ᠰᠣᠷᠣᠭᠴᠢ ᠡᠯᠰᠡᠬᠦ ᠲᠥᠯᠥᠪᠯᠡᠭᠡ ᠶᠢᠨ ᠬᠦᠰᠦᠨᠦᠭ ᠲᠤ ᠢᠯᠡᠷᠡᠭᠰᠡᠨ ᠢᠶᠠᠷ᠂ ᠮᠣᠩᠭᠤᠯ ᠢᠶᠠᠷ ᠬᠢᠴᠢᠶᠡᠯᠯᠡᠬᠦ ᠰᠢᠯᠭᠠᠭᠤᠯᠤᠭᠴᠢ ᠠᠴᠠ ᠵᠥᠪᠬᠡᠨ 10 ᠬᠥᠮᠦᠨ ᠡᠯᠰᠡᠬᠦ ᠨᠢ᠂ ᠰᠤᠷᠭᠠᠭᠤᠯᠢ ᠳᠤ ᠤᠷᠤᠭᠰᠠᠨ ᠤ ᠳᠠᠷᠠᠭ᠎ᠠ ᠪᠡᠶ᠎ᠡ ᠪᠠᠨ ᠳᠠᠭᠠᠭᠠᠭᠰᠠᠨ ᠠᠩᠭᠢ ᠪᠣᠯᠬᠤ ᠶᠤᠮ ᠦᠦ ᠡᠰᠡᠪᠡᠯ ᠪᠣᠰᠣᠳ ᠠᠩᠭᠢ ᠲᠠᠢ ᠨᠡᠶᠢᠯᠡᠵᠦ ᠬᠢᠴᠢᠶᠡᠯᠯᠡᠨ᠎ᠡ ᠦᠦ︖     ᠬᠠᠷᠢᠭᠤᠯᠲᠠ᠄ ᠰᠣᠷᠣᠭᠴᠢ ᠡᠯᠰᠡᠬᠦ ᠲᠥᠯᠥᠪᠯᠡᠭᠡ ᠪᠣᠯ ᠡᠯ᠎ᠡ ᠬᠤᠰᠢᠭᠤ ᠰᠢᠶᠠᠨ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠠᠶᠢᠮᠠᠭ ᠬᠤᠳᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠬᠤᠷᠢᠶᠠᠩᠭᠤᠶᠢᠯᠠᠨ ᠪᠤᠢ ᠪᠣᠯᠳᠠᠭ᠃      ᠮᠣᠩᠭᠤᠯ ᠢᠶᠠᠷ ᠬᠢᠴᠢᠶᠡᠯᠯᠡᠬᠦ ᠶᠤᠮ ᠦᠦ ᠡᠰᠡᠬᠦᠯ᠎ᠡ ᠬᠢᠲᠠᠳ ᠢᠶᠠᠷ ᠬᠢᠴᠢᠶᠡᠯᠯᠡᠬᠦ ᠴᠤ ᠭᠡᠰᠡᠨ᠂ ᠰᠤᠷᠤᠭᠴᠢ ᠡᠯᠰᠡᠬᠦ ᠲᠥᠯᠥᠪᠯᠡᠭᠡ ᠶᠢᠨ ᠨᠡᠯᠢᠶᠡᠳ ᠠᠷᠪᠢᠨ ᠲᠤᠰᠬᠠᠶ ᠮᠡᠷᠭᠡᠵᠢᠯ ᠨᠢ ᠪᠡᠶ᠎ᠡ ᠪᠠᠨ ᠳᠠᠭᠠᠭᠠᠭᠰᠠᠨ ᠠᠩᠭᠢ ᠪᠠᠶᠢᠭᠤᠯᠤᠨ᠎ᠠ᠂ ᠲᠤᠬᠠᠶᠢᠯᠠᠪᠠᠯ ᠬᠢᠲᠠᠳ ᠬᠡᠯᠡ ᠤᠳᠬ᠎ᠠ ᠵᠣᠬᠢᠶᠠᠯ᠂ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ ᠵᠡᠷᠭᠡ᠃ ᠲᠥᠯᠥᠪᠯᠡᠭᠡ ᠪᠠᠷ ᠴᠥᠭᠡᠨ ᠲᠤᠰᠬᠠᠶ ᠮᠡᠷᠭᠡᠵᠢᠯ ᠨᠢ ᠰᠦᠢᠳᠬᠡᠯ ᠬᠤᠷᠢᠶᠠᠬᠤ ᠪᠠᠭᠰᠢ ᠶᠢᠨ ᠲᠤᠰᠬᠠᠶ ᠮᠡᠷᠭᠡᠵᠢᠯ ᠤᠨ ᠠᠩᠬᠢ ᠲᠠᠢ ᠬᠠᠮᠲᠤ ᠬᠢᠴᠢᠶᠡᠯᠯᠡᠬᠦ ᠪᠠᠷ ᠱᠠᠭᠠᠷᠳᠠᠭᠳᠠᠨ᠎ᠠ᠃      ᠠᠰᠠᠭᠤᠯᠲᠠ᠄ ᠡᠨᠡ ᠵᠢᠯ ᠪᠣᠯ ᠮᠠᠨ ᠤ ᠣᠷᠣᠨ ᠤ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠪᠠᠭᠰᠢ ᠶᠢᠨ ᠮᠡᠷᠭᠡᠵᠢᠯ ᠰᠤᠷᠬᠤ ᠰᠤᠷᠤᠭᠴᠢᠳ ᠢ ᠠᠩᠬ᠎ᠠ ᠤᠳᠠᠭ᠎ᠠ ᠡᠯᠰᠡᠵᠦ ᠪᠠᠶᠢᠨ᠎ᠠ᠃ ᠰᠣᠷᠣᠭᠴᠢ ᠡᠯᠰᠡᠬᠦ ᠶᠠᠪᠤᠴᠠ ᠳᠤ ᠡᠳᠦᠶ ᠲᠡᠳᠦᠶ ᠲᠤᠷᠰᠢᠯᠭ᠎ᠠ ᠶᠢ ᠳ᠋ᠦᠩᠨᠡᠵᠦ ᠭᠠᠷᠭᠠᠭᠰᠠᠨ ᠦᠦ︖ ᠳᠠᠷᠠᠭ᠎ᠠ ᠵᠢᠯ ᠤᠨ ᠬᠠᠮᠢᠶ᠎ᠠ ᠪᠥᠬᠦᠶ ᠰᠣᠷᠣᠭᠴᠢ ᠡᠯᠰᠡᠬᠦ ᠠᠵᠢᠯ ᠳᠤ ᠶᠠᠮᠠᠷ ᠶᠠᠮᠠᠷ ᠰᠡᠩᠬᠡᠷᠡᠭᠦᠯᠦᠯ ᠪᠠᠶᠢᠬᠤ ᠪᠣᠢ︖      ᠬᠠᠷᠢᠭᠤᠯᠲᠠ᠄ ᠡᠨᠡ ᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠲᠣᠭᠲᠠᠭᠠᠬᠤ ᠳᠤ ︽ᠨᠠᠢᠮᠠᠯᠵᠢ ᠶᠢ ᠠᠩᠬ᠎ᠠ ᠢᠳᠡᠬᠦ︾ ᠪᠥᠭᠡᠳ ︽ᠨᠢᠭᠡ ᠡᠮᠬᠦ ᠳᠤ ᠳᠠᠷᠤᠶ ᠴᠠᠳᠬᠤ︾ ᠪᠠᠶᠢᠳᠠᠯ ᠲᠠᠢ ᠪᠠᠶᠢᠨ᠎ᠠ᠃ ᠳᠠᠷᠠᠭᠠᠴᠢ ᠶᠢᠨ ᠠᠯᠬᠤᠮ ᠳᠤ  ᠰᠦᠢᠳᠬᠡᠯ ᠣᠢᠯᠤ ᠬᠤᠷᠢᠶᠠᠬᠤ ᠪᠠᠭᠰᠢ ᠶᠢᠨ ᠮᠡᠷᠭᠡᠵᠢᠯ ᠰᠤᠷᠬᠤ ᠰᠤᠷᠤᠭᠴᠢ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠲᠣᠭᠲᠠᠭᠠᠬᠤ ᠶᠢ ᠪᠣᠳᠣᠯᠬᠢᠯᠠᠵᠤ᠂ ᠲᠤᠬᠠᠶ ᠶᠢᠨ ᠭᠠᠵᠠᠷ ᠣᠷᠣᠨ ᠤ ᠰᠤᠷᠭᠠᠨ ᠬᠥᠮᠦᠵᠢᠯ ᠤᠨ ᠪᠣᠳᠠᠲᠠᠶ ᠪᠠᠶᠢᠳᠠᠯ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠯᠦᠭᠡ ᠤᠶᠠᠯᠳᠤᠭᠤᠯᠤᠨ᠂ ᠰᠤᠷᠤᠭᠴᠢ ᠡᠯᠰᠡᠬᠦ ᠲᠥᠯᠥᠪᠯᠡᠭᠡ ᠶᠢ ᠰᠣᠬᠤᠷ ᠪᠠᠯᠠᠶ ᠪᠠᠷ ᠲᠣᠭᠲᠠᠭᠠᠬᠤ ᠠᠴᠠ ᠵᠠᠶᠢᠯᠠᠰᠬᠢᠨ᠎ᠠ᠃      ᠡᠭᠦᠨ ᠠᠴᠠ ᠭᠠᠳᠠᠨ᠎ᠠ᠂ ᠰᠤᠷᠤᠭᠴᠢ ᠶᠢᠨ ᠢᠷᠡᠯᠲᠡ ᠳᠤ ᠤᠯᠠᠮ ᠨᠢᠭᠡ ᠠᠯᠬᠤᠮ ᠨᠤᠲᠠᠯᠠᠯᠲᠠ ᠬᠢᠵᠦ᠂ ᠠᠨᠠᠭᠠᠬᠤ ᠤᠬᠠᠭᠠᠨ ᠤ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠲᠥᠯᠥᠪᠯᠡᠭᠡ ᠶᠢ ᠳᠠᠭᠤᠷᠢᠶᠠᠨ᠎ᠠ᠃      ᠡᠳᠦᠭᠡ᠂ ᠭᠤᠷᠪᠠᠨ ᠲᠠᠯ᠎ᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠠᠵᠢᠯ ᠶᠠᠭ ᠶᠠᠪᠤᠭᠳᠠᠵᠤ᠂ ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠮᠠᠰᠢ ᠤᠯᠠᠨ ᠠᠵᠢᠯ ᠤᠨ ᠲᠤᠷᠰᠢᠯᠭ᠎ᠠ ᠶᠢ ᠰᠢᠰᠲ᠋ᠧᠮ ᠲᠠᠢ ᠪᠠᠷ ᠳ᠋ᠦᠩᠨᠡᠬᠦ ᠪᠣᠯᠣᠨ᠎ᠠ᠃      ᠠᠰᠠᠭᠤᠯᠲᠠ᠄ ᠰᠦᠢᠳᠬᠡᠯ ᠥᠯᠥ ᠬᠤᠷᠢᠶᠠᠬᠤ ᠬᠠᠨᠳᠤᠯᠭᠠᠲᠤ ᠪᠠᠭᠰᠢ ᠶᠢᠨ ᠮᠡᠷᠭᠡᠵᠢᠯ ᠰᠤᠷᠬᠤ ᠰᠤᠷᠤᠭᠴᠢᠳ ᠤᠨ ᠰᠤᠷᠭᠠᠭᠤᠯᠢ ᠳᠤ ᠤᠷᠤᠭᠰᠠᠨ ᠤ ᠳᠠᠷᠠᠭᠠᠬᠢ ᠬᠠᠮᠢᠶᠠᠷᠤᠯᠲᠠ ᠳᠤ᠂ ᠡᠷᠬᠢᠮ ᠰᠤᠷᠭᠠᠭᠤᠯᠢ ᠬᠠᠮᠢᠶ᠎ᠠ ᠪᠦᠬᠦᠢ ᠳᠦᠷᠢᠮ ᠲᠣᠭᠲᠠᠭᠠᠯ ᠂ ᠪᠢᠴᠢᠭ ᠮᠠᠲ᠋ᠧᠷᠢᠶᠠᠯ ᠵᠡᠷᠭᠡ ᠶᠢ ᠪᠦᠷᠢᠯᠳᠦᠭᠦᠯᠦᠭᠰᠡᠨ ᠦᠦ︖      ᠬᠠᠷᠢᠭᠤᠯᠲᠠ᠄ ᠰᠤᠷᠭᠠᠭᠤᠯᠢ ᠠᠴᠠ ᠰᠦᠢᠳᠬᠡᠯ ᠥᠯᠥ ᠬᠤᠷᠢᠶᠠᠬᠤ ᠬᠠᠨᠳᠤᠯᠭ᠎ᠠ ᠲᠠᠢ ᠪᠠᠭᠰᠢ ᠶᠢᠨ ᠮᠡᠷᠭᠡᠵᠢᠯ ᠰᠤᠷᠬᠤ ᠰᠤᠷᠤᠭᠴᠢᠳ ᠢ ᠬᠥᠮᠦᠵᠢᠭᠦᠯᠬᠦ ᠡᠭᠦᠷᠭᠡ ᠶᠢ ᠬᠦᠯᠢᠶᠡᠭᠰᠡᠨ ᠤ ᠲᠠᠷᠠᠭ᠎ᠠ᠂ ᠬᠠᠮᠢᠶ᠎ᠠ ᠪᠦᠭᠦᠢ ᠢᠵᠢ ᠲᠥᠬᠦᠷ ᠲᠦᠷᠦ ᠶᠢᠨ ᠪᠤᠳᠤᠯᠭ᠎ᠠ ᠶᠢ ᠢᠳᠡᠪᠬᠢᠲᠡᠶ ᠰᠤᠳᠤᠯᠵᠤ᠂ ᠪᠣᠳᠠᠲᠠᠶ ᠪᠢᠴᠢᠭ ᠮᠠᠲ᠋ᠧᠷᠢᠶᠠᠯ ᠢ ᠠᠯᠪᠠᠨ ᠶᠣᠰᠣᠭᠠᠷ ᠨᠡᠶᠢᠲᠡᠯᠡᠭᠰᠡᠨ ᠤ ᠳᠠᠷᠠᠭ᠎ᠠ ᠰᠠᠶ᠋ᠢ ᠨᠡᠶᠢᠲᠡᠯᠡᠬᠦ ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ