ᠣᠷᠳᠣᠰ ᠬᠤᠲᠠ ᠡᠯ᠎ᠡ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠲᠤᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2017/9/13
     ᠤᠶᠢᠷ᠎ᠠ ᠶᠢᠨ ᠬᠤᠭᠤᠴᠠᠭᠠᠨ ᠳᠤ᠂ ᠣᠷᠳᠣᠰ ᠬᠤᠲᠠ ᠠᠶᠤᠯ ᠦᠭᠡᠢ ᠦᠢᠯᠡᠳᠪᠦᠷᠢᠯᠡᠯ ᠤᠨ ᠰᠢᠵᠢᠮ ᠢ ᠠᠳᠬᠤᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠴᠢᠷᠳᠠᠵᠤ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾᠎ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷᠡᠲᠦ ᠲᠠᠯ᠎ᠠ ᠶᠢᠨ ᠬᠢᠨ ᠤ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠡᠶ᠎ᠡ ᠵᠣᠬᠢᠴᠠᠯ ᠲᠠᠢ ᠦᠢᠯᠡᠳᠪᠦᠷᠢᠯᠡᠯ ᠤᠨ ᠣᠷᠴᠢᠨ ᠨᠥᠬᠦᠴᠡᠯ ᠢ ᠪᠦᠬᠦ ᠬᠦᠴᠦ ᠪᠠᠷ ᠢᠶᠠᠨ ᠪᠤᠢ ᠪᠤᠯᠭᠠᠵᠤ ᠪᠠᠶᠢᠨ᠎ᠠ᠃      ᠨᠢᠭᠡ ᠳᠤ ᠠᠮᠤᠷ ᠲᠦᠪᠰᠢᠨ ᠤ ᠶᠡᠭᠡ ᠪᠠᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠪᠠᠶᠢᠷᠢᠯᠠᠭᠤᠯᠵᠠᠢ᠃ ︽ᠪᠥᠬᠦ ᠬᠤᠲᠠ ᠶᠢᠨ ᠠᠶᠤᠯ ᠥᠬᠡᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ᠵᠡᠷᠭᠡ ᠠᠯᠢ ᠤᠯᠠᠨ ᠪᠢᠴᠢᠭ ᠮᠠᠲ᠋ᠧᠷᠢᠶᠠᠯ ᠢ ᠲᠤᠭᠲᠠᠭᠠᠨ ᠨᠡᠶᠢᠲᠡᠯᠡᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠡᠯ᠎ᠡ ᠳᠡᠰ ᠳᠠᠪᠬᠤᠷᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠ ᠡᠯ᠎ᠡ ᠠᠵᠢᠯ ᠲᠦᠷᠦᠯ ᠤᠨ ᠬᠦᠷᠢᠶᠡᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢᠨ ᠠᠭᠤᠯᠭ᠎ᠠ ᠶᠢ ᠲᠤᠳᠤᠷᠬᠠᠶᠢᠯᠠᠵᠤ᠂ ᠶᠡᠭᠡ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠳᠦᠷᠢᠮ ᠲᠠᠢ᠂ ᠡᠮᠬᠢ ᠵᠢᠷᠤᠮ ᠲᠠᠢ ᠪᠠᠷ ᠶᠠᠪᠤᠭᠳᠠᠬᠤ ᠶᠢ ᠦᠨᠡᠨ ᠬᠦ ᠪᠠᠲᠤᠯᠠᠵᠠᠢ᠃      ᠬᠤᠶᠠᠷ ᠲᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠶ ᠵᠦᠢᠯ ᠢᠶᠠᠷ ᠵᠠᠰᠠᠬᠤ ᠶᠢ ᠭᠦᠨᠵᠡᠭᠡᠶ ᠦᠷᠨᠢᠭᠦᠯᠵᠡᠢ᠃ ᠶᠡᠭᠡ ᠪᠠᠢᠴᠠᠭᠠᠯᠲᠠ ᠶᠢᠨ ᠬᠤᠭᠤᠴᠠᠭᠠᠨ ᠳᠤ᠂ ᠪᠦᠬᠦ ᠬᠤᠳᠠ ᠡᠯ᠎ᠡ ᠵᠦᠢᠯ ᠤᠨ ᠠᠮᠤᠷ ᠲᠦᠪᠰᠢᠨ ᠤ ᠲᠠᠯᠳᠠ ᠭᠡᠮ ᠢ ᠨᠡᠶᠢᠲᠡ 12081᠎ ᠶᠢ ᠪᠠᠶᠢᠴᠠᠭᠠᠨ ᠴᠡᠭᠴᠡᠯᠡᠨ ᠵᠠᠰᠠᠵᠤ᠂ ᠬᠠᠤᠯᠢ ᠲᠣᠭᠲᠠᠭᠠᠯ ᠢ ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ 172 ᠦᠢᠯᠡ ᠠᠵᠢᠯᠯᠠᠭ᠎ᠠ ᠳᠤ ᠴᠣᠬᠢᠯᠲᠠ ᠥᠭᠴᠦ᠂ 30  ᠠᠵᠤ ᠠᠬᠤᠶᠢᠯᠠᠯ ᠤᠨ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠵᠦ᠂ 97.2 ᠲᠦᠮᠡᠨ ᠲᠦᠬᠦᠷᠢᠭ ᠢᠶᠠᠷ ᠰᠢᠳᠬᠡᠨ ᠲᠤᠷᠭᠠᠵᠤ᠂ ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠡᠮᠬᠢ ᠵᠢᠷᠤᠮ ᠢ ᠬᠦᠴᠦᠲᠡᠢ ᠵᠢᠷᠤᠮᠵᠢᠭᠤᠯᠵᠠᠢ᠃      ᠭᠤᠷᠪᠠ ᠳᠤ ᠴᠢᠩᠭ᠎ᠠ ᠬᠢᠨᠠᠨ ᠪᠠᠶᠢᠴᠠᠭᠠᠵᠤ ᠨᠡᠶᠢᠲᠡᠯᠡᠨ ᠮᠡᠳᠡᠭᠦᠯᠵᠡᠢ᠃ 7 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠳᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠤᠨ 9 ᠰᠢᠪᠠᠳᠠᠨ ᠪᠠᠶᠢᠴᠠᠭᠠᠬᠤ ᠳᠤᠭᠤᠶᠢᠯᠠᠩ ᠡᠯ᠎ᠡ ᠬᠤᠰᠢᠭᠤ ᠲᠤᠭᠤᠷᠢᠭ ᠲᠤ 11 ᠤᠳᠠᠭ᠎ᠠ ᠰᠢᠪᠠᠳᠠᠨ ᠪᠠᠶᠢᠴᠠᠭᠠᠯᠲᠠ ᠬᠢᠵᠦ᠂ ᠠᠳᠡᠯ ᠬᠢᠯᠪᠠᠷᠬᠠᠨ ᠡᠭᠦᠰᠬᠦ ᠪᠠ ᠠᠶᠤᠯ ᠲᠦᠭᠰᠢᠭᠦᠷᠢ ᠶᠡᠬᠡᠲᠡᠶ ᠠᠵᠢᠯ ᠲᠦᠷᠦᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠬᠢᠨᠠᠨ ᠵᠢᠯᠣᠭᠤᠳᠴᠤ ᠪᠠᠶᠢᠴᠠᠭᠠᠵᠠᠶ᠃ ᠡᠭᠦᠨ ᠤ ᠵᠡᠷᠭᠡᠴᠡᠭᠡᠪᠡᠷ᠂ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠰᠠᠷ᠎ᠠ ᠪᠦᠷᠢ ᠪᠦᠬᠦ ᠬᠤᠲᠠ ᠶᠢᠨ ᠶᠡᠭᠡ ᠪᠠᠶᠢᠴᠠᠭᠠᠯᠲᠠ ᠬᠢᠭᠰᠡᠨ ᠪᠠᠶᠢᠳᠠᠯ ᠢ ᠬᠤᠷᠢᠶᠠᠩᠭᠤᠶᠢᠯᠠᠨ ᠡᠮᠬᠢᠳᠬᠡᠵᠦ᠂ ᠠᠵᠢᠯ ᠳᠤ ᠪᠠᠨ ᠬᠢᠨᠠᠮᠠᠭᠠᠢ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠬᠤᠰᠢᠭᠤ ᠲᠤᠭᠤᠷᠢᠭ ᠪᠠ ᠰᠠᠯᠠᠭ᠎ᠠ ᠮᠦᠴᠢᠷ ᠲᠤ ᠴᠠᠭ ᠲᠤᠬᠠᠶ ᠳᠤᠨᠢ ᠴᠢᠩᠭ᠎ᠠ ᠮᠡᠳᠡᠭᠡᠯᠡᠵᠦ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠪᠥᠬᠦ ᠬᠤᠲᠠ ᠶᠢᠨ ᠡᠯ᠎ᠡ ᠠᠵᠢᠯ ᠲᠦᠷᠦᠯ ᠤᠨ ᠬᠦᠷᠢᠶᠡᠨ ᠳᠤ ᠠᠮᠤᠷ ᠲᠦᠪᠰᠢᠨ ᠪᠠ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号