ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠳᠤᠯᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/14
     9 ᠳ᠋ᠦ᠋ᠭᠡᠷ ᠰᠠᠷ᠎ᠠ ᠶᠢᠨ 13᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠲᠤᠯᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠤ ᠶᠠᠷᠢᠶ᠎ᠠ ᠳᠠᠯᠪᠢᠪᠠ᠃ ᠲᠡᠷᠡ᠂ ︽ᠲᠦᠷᠪᠡᠨ ᠡᠷᠬᠡᠪᠰᠢ︾᠎ ᠶᠢᠨ ᠴᠢᠬᠤᠯᠠ ᠱᠠᠭᠠᠷᠳᠠᠯᠭ᠎ᠠ ᠶᠢ ᠪᠠᠳᠤ ᠡᠵᠡᠮᠳᠡᠵᠤ᠂ ᠨᠡᠩ ᠶᠡᠭᠡ ᠰᠢᠢᠳᠮᠡᠭ ᠵᠤᠷᠢᠭ᠂ ᠨᠡᠩ ᠶᠡᠭᠡ ᠰᠦᠰᠦ ᠵᠤᠷᠢᠭ᠂ ᠨᠡᠩ ᠶᠡᠭᠡ ᠡᠷᠴᠢ ᠬᠦᠴᠦᠨ ᠢᠶᠠᠷ ᠦᠭᠡᠷᠡᠴᠢᠯᠡᠯᠳᠡ ᠶᠢ ᠠᠳᠬᠤᠨ ᠦᠭᠡᠷᠡᠴᠢᠯᠡᠯᠳᠡ ᠶᠢ ᠠᠬᠢᠭᠤᠯᠵᠤ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ ᠯᠢ ᠵᠢᠶᠠ ᠬᠤᠷᠠᠯ ᠳᠤ ᠤᠷᠤᠯᠴᠠᠪᠠ᠃      ᠬᠤᠷᠠᠯ ᠠᠴᠠ᠂ ᠲᠦᠪ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠵᠢᠭᠠᠪᠤᠷᠢᠯᠠᠬᠰᠠᠨ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠬᠤ ᠭᠤᠷᠪᠠᠨ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠭᠤᠷᠪᠠᠨ ᠵᠦᠢᠯ ᠤᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠠ ᠶᠢ ᠰᠤᠳᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠳᠠᠯ᠎ᠠ ᠠᠴᠠ ᠡᠭᠦᠰᠴᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠳᠤ ᠤᠯᠤᠭᠰᠠᠨ ᠳᠡᠦᠭᠡᠴᠢ ᠴᠢᠨᠠᠷᠳᠠᠢ ᠠᠮᠵᠢᠯᠳᠠ ᠪᠤᠯᠤᠨ ᠴᠢᠬᠤᠯᠠ ᠲᠤᠷᠰᠢᠯᠭ᠎ᠠ ᠰᠤᠷᠭᠠᠮᠵᠢ ᠶᠢ ᠰᠢᠰᠲ᠋ᠧᠮ ᠲᠠᠢ ᠳ᠋ᠦᠩᠨᠡᠵᠦ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠎ ᠳᠤ ᠡᠷᠬᠡᠪᠰᠢ ᠨᠠᠮ ᠤᠨ ᠦᠭᠡᠷᠡᠴᠢᠯᠡᠯᠳᠡ ᠶᠢᠨ ᠲᠤᠬᠠᠢ ᠤᠳᠤᠷᠢᠳᠤᠯᠭ᠎ᠠ ᠶᠢ ᠴᠢᠩᠭᠠᠳᠬᠠᠬᠤ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠡᠷᠬᠡᠪᠰᠢ ᠦᠭᠡᠷᠡᠴᠢᠯᠡᠯᠳᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠷᠬᠡᠪᠰᠢ ᠦᠭᠡᠷᠡᠴᠢᠯᠡᠯᠳᠡ ᠶᠢᠨ ᠵᠢᠮ᠎ᠡ ᠶᠤᠰᠤᠨ ᠤ ᠲᠤᠬᠠᠢ ᠳᠠᠨᠢᠯᠳᠠ ᠪᠤᠯᠤᠨ ᠬᠡᠷᠡᠭᠯᠡᠬᠦ ᠶᠠᠪᠤᠳᠠᠯ ᠢ ᠭᠦᠨᠵᠡᠭᠡᠶᠢᠷᠡᠭᠦᠯᠵᠦ᠂ ᠪᠢᠳᠡᠨ ᠤ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠡ ᠶᠢ ᠰᠦᠪᠡᠭᠴᠢᠯᠡᠨ ᠠᠬᠢᠭᠤᠯᠬᠤ ᠳᠤ ᠦᠵᠡᠯ ᠰᠠᠨᠠᠭᠠᠨᠷ ᠤ ᠵᠢᠯᠤᠭᠤᠳᠤᠯᠭ᠎ᠠ ᠪᠤᠯᠤᠨ ᠦᠢᠯᠡᠳᠦᠯᠭᠡ ᠶᠢᠨ ᠵᠦᠭᠯᠡᠭᠦᠷ ᠬᠠᠩᠭᠠᠵᠠᠢ᠃ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾᠎ ᠢᠶᠠᠨ ᠪᠠᠳᠤ ᠪᠤᠢ ᠪᠤᠯᠭᠠᠨ᠂ ᠲᠦᠪ ᠤᠨ ᠦᠭᠡᠷᠡᠴᠢᠯᠡᠯᠳᠡ ᠶᠢᠨ ᠲᠤᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠶᠢᠨ ᠪᠤᠳᠠᠳᠤ ᠦᠢᠯᠡᠳᠦᠯᠭᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠎ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠭᠦᠯᠦᠭᠰᠡᠨ ᠨᠢᠬᠡᠳᠦᠯᠳᠠᠢ ᠤᠳᠤᠷᠢᠳᠤᠯᠭ᠎ᠠ ᠶᠢ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢᠨ ᠭᠤᠤᠯᠯᠠᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠤᠨ᠂ ᠦᠭᠡᠷᠡᠴᠢᠯᠡᠯᠳᠡ ᠶᠢᠨ ᠭᠤᠤᠯ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠠᠢ︔ ᠠᠰᠠᠭᠤᠳᠠᠯ ᠢ ᠰᠢᠢᠳᠪᠦᠷᠢᠯᠡᠬᠦ ᠪᠠᠷ ᠦᠭᠡᠷᠡᠴᠢᠯᠡᠯᠳᠡ ᠶᠢ ᠬᠡᠮᠵᠢᠭᠦ ᠦᠨᠳᠦᠰᠦᠨ ᠪᠠᠷᠢᠮᠵᠢᠶ᠎ᠠ ᠪᠤᠯᠭᠠᠬᠤ ᠶᠢ ᠪᠠᠷᠢᠮᠳᠠᠯᠠᠵᠤ᠂ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢᠨ ᠴᠢᠭᠯᠡᠭᠦᠯᠦᠯᠳᠦ ᠴᠢᠨᠠᠷ ᠬᠡᠷᠡᠭᠵᠢᠭᠦᠯᠦᠯᠳᠦ ᠴᠢᠨᠠᠷ ᠪᠤᠳᠠᠳᠤ ᠦᠷ᠎ᠠ ᠪᠦᠳᠦᠮᠵᠢᠳᠦ ᠴᠢᠨᠠᠷ ᠢ ᠬᠦᠴᠦᠯᠡᠨ ᠴᠢᠩᠭᠠᠷᠠᠭᠤᠯᠬᠤ ᠬᠡᠷᠡᠭᠳᠠᠢ︔ ᠠᠷᠭ᠎ᠠ ᠪᠦᠬᠦᠨ ᠢ ᠰᠦᠪᠡᠭᠴᠢᠯᠡᠨ ᠡᠯ᠎ᠡ ᠵᠦᠢᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠦᠨᠡᠨᠭᠦ ᠴᠢᠩᠭᠠᠷᠠᠭᠤᠯᠬᠤ ᠬᠡᠷᠡᠭᠳᠠᠢ︔ ᠵᠢᠮ᠎ᠡ ᠶᠤᠰᠤ ᠪᠠᠷ ᠠᠵᠢᠯ ᠬᠢᠬᠦ ᠶᠢ ᠪᠠᠷᠢᠮᠳᠠᠯᠠᠨ᠂ ᠦᠬᠡᠷᠡᠴᠢᠯᠡᠯᠳᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠭᠦᠨᠵᠡᠭᠡᠶᠢᠷᠡᠭᠦᠯᠬᠦ ᠬᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠵᠢᠭᠠᠪᠤᠷᠢᠯᠠᠭᠰᠠᠨ ᠤᠷᠢᠳᠠᠪᠠᠷ ᠬᠡᠷᠡᠭᠵᠢᠭᠦᠯᠵᠤ ᠤᠷᠢᠳᠠᠪᠠᠷ ᠲᠤᠷᠰᠢᠬᠤ ᠭᠤᠷᠪᠠᠨ ᠵᠦᠢᠯ ᠤᠨ ᠭᠤᠤᠯᠳᠠᠯᠭ᠎ᠠ ᠲᠠᠢ ᠦᠭᠡᠷᠡᠴᠢᠯᠡᠯᠳᠡ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠨ᠂ ᠢᠮᠠᠬᠳᠠ ᠮᠦᠷᠦᠨ ᠳᠡᠭᠡᠨ ᠡᠭᠦᠷᠭᠡᠯᠡᠵᠤ᠂ ᠭᠠᠷ ᠲᠠᠭᠠᠨ ᠴᠢᠩᠭ᠎ᠠ ᠠᠳᠬᠤᠬᠤ ᠬᠡᠷᠡᠭᠳᠠᠢ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢᠳᠦᠭᠰᠡᠨ ᠬᠦᠰᠦᠨᠦᠭᠳᠦ ᠶᠢ ᠨᠠᠶᠢᠷᠠᠭᠤᠯᠤᠨ ᠵᠤᠬᠢᠶᠠᠬᠤ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠤᠳᠤᠷᠢᠳᠬᠤ ᠺᠠᠳ᠋ᠷᠴᠤᠳ ᠲᠤᠰᠢᠶᠠᠯ ᠠᠴᠠ ᠰᠠᠯᠬᠤ ᠦᠶ᠎ᠠ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢ ᠬᠢᠨᠠᠨ ᠪᠤᠳᠤᠬᠤ ᠠᠵᠢᠯ ᠢ ᠬᠦᠨᠵᠡᠭᠡᠢ ᠦᠷᠨᠢᠭᠦᠯᠵᠤ᠂ ︽ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠬᠰᠠᠨ ᠬᠠᠷᠢᠭᠤᠴᠠᠯᠭ᠎ᠠ ᠨᠡᠭᠡᠮᠵᠢᠯᠡᠬᠦ ᠨᠠᠷᠢᠨ ᠲᠦᠷᠢᠮ︾᠎ ᠢ ᠨᠠᠶᠢᠳᠠᠪᠤᠷᠢᠵᠢᠭᠤᠯᠬᠤ ᠡᠷᠴᠢᠮ ᠎ ᠢ ᠴᠢᠩᠭᠠᠷᠠᠭᠤᠯᠵᠤ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ ᠪᠠ ᠦᠭᠡᠷᠡᠴᠢᠯᠡᠯᠳᠡ ᠶᠢᠨ ᠳᠠᠯ᠎ᠠ ᠪᠠᠷ ᠪᠤᠳᠠᠳᠤ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠳᠠᠭᠠᠭᠤᠯᠤᠭᠴᠢ ᠠᠵᠤ ᠠᠬᠤᠶᠢᠯᠠᠯ ᠬᠢᠬᠡᠳ ᠮᠠᠯᠴᠢᠨ ᠳᠠᠷᠢᠶᠠᠴᠢᠨ ᠤ ᠡᠷᠭᠡ ᠠᠰᠢᠭ ᠤᠨ ᠬᠤᠯᠪᠤᠭᠠᠨ ᠤ ᠳᠤᠭᠳᠠᠴᠠ ᠶᠢ ᠴᠢᠨᠠᠬᠰᠢᠳᠠ ᠳᠡᠭᠦᠯᠳᠡᠷᠵᠢᠭᠦᠯᠵᠤ᠂ ᠨᠡᠩ ᠤᠯᠠᠨ ᠲᠠᠭᠤᠷᠢᠶᠠᠯ ᠪᠤᠯᠬᠤ᠂ ᠲᠡᠯᠭᠡᠷᠡᠭᠦᠯᠵᠤ ᠪᠤᠯᠬᠤ ᠲᠤᠷᠰᠢᠯᠭ᠎ᠠ ᠶᠢ ᠴᠢᠷᠮᠠᠶᠢᠨ ᠪᠤᠢᠪᠤᠯᠭᠠᠬᠤ ᠬᠡᠷᠡᠭᠳᠡᠢ᠃ ᠤᠷᠤᠰ ᠮᠤᠩᠭᠤᠯ ᠯᠤᠭ᠎ᠠ ᠬᠠᠮᠳᠤᠷᠠᠨ ᠠᠵᠢᠯᠯᠠᠬᠤ ᠲᠤᠭᠳᠠᠴᠠ ᠶᠢ ᠳᠠᠰᠤᠷᠠᠯᠳᠠ ᠦᠭᠡᠢ ᠰᠢᠨᠡᠴᠢᠯᠡᠵᠤ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠢ ᠰᠠᠶᠢᠲᠤᠷ ᠡᠷᠬᠢᠯᠡᠵᠤ᠂ ᠮᠠᠨ ᠤ ᠤᠷᠤᠨ ᠤ ᠤᠮᠠᠷᠠᠰᠢ ᠨᠡᠬᠡᠭᠡᠬᠦ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠬᠦ ᠬᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠨᠦᠬᠦᠳ ᠤᠨ ᠦᠭᠡᠷᠡᠴᠢᠯᠡᠯᠳᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠪᠠ ᠦᠪᠡᠷᠳᠡᠭᠡᠨ ᠵᠠᠰᠠᠬᠤ ᠤᠷᠤᠨ ᠤ ᠤᠷᠤᠨ ᠳᠤᠭ᠎ᠠ ᠶᠢᠨ ᠠᠯᠪᠠᠨ ᠬᠡᠷ ᠤᠨ ᠪᠦᠬᠦ ᠤᠷᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠦᠭᠡᠷᠡᠴᠢᠯᠡᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠵᠤ᠂ ᠬᠠᠮᠢᠶ᠎ᠠ ᠪᠦᠬᠦᠢ ᠳᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号