ᠥᠪᠥᠷ ᠮᠣᠩᠭᠤᠯ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ 337.85 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2017/9/14
     ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ 8 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠪᠦᠬᠦ ᠣᠷᠣᠨ 337.85 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠵᠤ᠂ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠤ ᠵᠢᠭᠡᠯᠡᠯᠭᠡ ᠣᠯᠬᠤ ᠳᠤ ᠬᠦᠴᠢᠷᠲᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃      ᠲᠠᠨᠢᠯᠴᠠᠭᠤᠯᠤᠭᠰᠠᠨ ᠢᠶᠠᠷ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠥᠯᠥᠪᠦᠷᠢ ᠲᠠᠢ ᠪᠠᠷ ᠬᠡᠷᠡᠭᠯᠡᠭᠦᠯᠬᠦ ᠶᠠᠪᠤᠳᠠᠯ ᠨᠢ᠂ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠤ ︽ᠬᠦᠯᠢᠶᠡᠬᠦ᠂ ᠲᠦᠰᠢᠭᠯᠡᠬᠦ᠂ ᠠᠪᠬᠤ︾ ᠦᠵᠡᠯ ᠰᠠᠨᠠᠭ᠎ᠠ ᠶᠢ ᠬᠤᠪᠢᠷᠠᠭᠤᠯᠵᠤ᠂ ᠥᠪᠡᠷ ᠢ ᠪᠠᠨ ᠬᠥᠭᠵᠢᠭᠦᠯᠬᠦ ᠬᠦᠳᠡᠯᠭᠡᠬᠦ ᠬᠦᠴᠦ ᠪᠠ ᠢᠳᠡᠪᠬᠢᠵᠢᠯ ᠢ ᠨᠢ ᠨᠡᠮᠡᠭᠳᠡᠭᠦᠯᠵᠦ᠂ ᠶᠠᠳᠠᠭᠤ ᠶᠢ ᠲᠡᠳᠬᠦᠬᠦ ᠣᠨᠣᠯᠵᠢᠬᠤᠨ ᠢ ᠤᠯᠠᠮᠵᠢᠯᠠᠯᠲᠤ ᠦᠵᠡᠯ ᠰᠠᠨᠠᠭᠠᠨ ᠤ ᠬᠦᠯᠢᠶᠡᠰᠦᠯᠡᠯ ᠠᠴᠠ ᠴᠢᠯᠦᠭᠡᠯᠡᠵᠦ᠂ ᠶᠠᠳᠠᠭᠤ ᠶᠢ ᠲᠡᠳᠬᠦᠬᠦ ᠠᠵᠢᠯ ᠢ ︽ᠴᠢᠰᠤ ᠶᠡᠭᠦᠯᠡᠬᠦ ᠬᠡᠯᠪᠡᠷᠢ︾᠎ ᠠᠴᠠ ︽ᠴᠢᠰᠤ ᠪᠦᠲᠦᠭᠡᠬᠦ ᠬᠡᠯᠪᠡᠷᠢ ︾ ᠪᠣᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠢ ︽ᠶᠠᠳᠠᠭᠤ ᠶᠢ ᠲᠡᠳᠬᠦᠬᠦ ᠶᠢ ᠬᠦᠯᠢᠶᠡᠬᠦ︾᠎ ᠠᠴᠠ ᠨᠢ ︽ᠥᠪᠡᠷᠲᠡᠭᠡᠨ ᠪᠠᠶᠠᠵᠢᠨ ᠴᠢᠨᠡᠭᠡᠯᠢᠭᠵᠢᠬᠦ︾᠂ ᠪᠡᠶ᠎ᠡ ᠪᠠᠨ ᠳᠠᠭᠠᠭᠠᠵᠤ ᠬᠥᠭᠵᠢᠬᠦ ᠴᠢᠭᠯᠡᠯ ᠵᠦᠭ ᠬᠤᠪᠢᠷᠠᠭᠤᠯᠤᠭᠰᠠᠨ ᠪᠠᠶᠢᠨ᠎ᠠ  ᠃ ᠣᠶᠢᠯᠠᠭᠠᠭᠰᠠᠨ ᠢᠶᠠᠷ᠂ 2013 ᠣᠨ ᠤ ᠵᠢᠯ ᠤᠨ ᠡᠴᠦᠰ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 4.75 ᠳ᠋ᠦᠩᠰᠢᠭᠤᠷ ᠲᠥᠭᠦᠷᠢᠭ ᠲᠣᠬᠢᠷᠠᠭᠤᠯᠦᠨ ᠲᠦᠭᠰᠢᠭᠦᠷᠢ ᠶᠢᠨ ᠨᠥᠬᠦᠪᠦᠷᠢ ᠮᠥᠩᠭᠦ ᠪᠣᠯᠭᠠᠵᠤ᠂ ︽ᠵᠠᠰᠠᠭ ᠤᠨ ᠣᠷᠳᠣᠨ ᠵᠢᠯᠣᠭᠤᠳᠬᠤ᠂ ᠪᠠᠩᠬᠢ ᠣᠷᠣᠯᠴᠠᠬᠤ᠂ ᠵᠠᠬ᠎ᠠ ᠳᠡᠯᠭᠡᠭᠦᠷ ᠬᠥᠳᠡᠯᠦᠯᠴᠡᠬᠦ︾ ᠰᠢᠨ᠎ᠡ ᠲᠣᠭᠲᠠᠴᠠ ᠪᠠᠷ ᠲᠠᠷᠢᠶᠠᠯᠠᠩ ᠤᠨ ᠪᠠᠩᠬᠢ ᠲᠠᠢ ᠬᠠᠮᠲᠤᠷᠠᠯᠴᠠᠵᠤ᠂ 1᠄10᠎ ᠶᠢᠨ ᠬᠠᠷᠢᠴᠠᠯ ᠢᠶᠠᠷ ᠵᠢᠯ ᠪᠦᠷᠢ 50 ᠳ᠋ᠦᠩᠰᠢᠭᠤᠷ ᠲᠥᠭᠦᠷᠢᠭ ᠠᠴᠠ ᠳᠡᠭᠡᠭᠰᠢ ᠵᠢᠭᠡᠯᠡᠯᠭᠡ ᠲᠠᠯᠪᠢᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠢ ᠡᠷᠦᠬᠡ ᠪᠣᠯᠣᠨ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠬᠥᠭᠵᠢᠭᠦᠯᠬᠦ ᠶᠢ ᠨᠢ ᠭᠤᠣᠯᠳᠠᠯᠭ᠎ᠠ ᠲᠠᠢ ᠳᠡᠮᠵᠢᠪᠡ᠃ 8 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠨᠡᠶᠢᠲᠡ 337.85 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠷᠬᠠᠭᠠᠪᠠ᠃ ᠡᠭᠦᠨ ᠳᠤ ᠶᠠᠳᠠᠭᠤ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ 311.96 ᠳ᠋ᠦᠩᠰᠢᠭᠤᠷ ᠲᠥᠭᠦᠷᠢᠭ ᠲᠠᠯᠪᠢᠵᠤ᠂ 68.3 ᠲᠦᠮᠡᠨ ᠮᠠᠯᠴᠢᠨ ᠲᠠᠷᠢᠶᠠᠴᠢᠨ ᠡᠷᠦᠬᠡ ᠶᠢ ᠰᠢᠭᠤᠳ ᠲᠤᠰᠠᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢ ᠪᠦᠷᠬᠦᠭᠰᠡᠨ ᠨᠤᠷᠮ᠎ᠠ 30%᠎ ᠠᠴᠠ ᠳᠡᠭᠡᠭᠰᠢ ᠳᠤ ᠬᠦᠷᠪᠡ᠃ ᠡᠨᠡ ᠬᠦ ᠵᠠᠭᠪᠤᠷ ᠶᠣᠰᠣᠭᠠᠷ᠂ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠴᠦ 6 ᠳ᠋ᠦᠩᠰᠢᠭᠤᠷ ᠲᠥᠭᠦᠷᠢᠭ ᠭᠠᠷᠭᠠᠡ ᠲᠦᠭᠰᠢᠭᠦᠷᠢ ᠶᠢᠨ ᠨᠥᠬᠦᠪᠦᠷᠢ ᠮᠥᠩᠭᠦ ᠪᠣᠯᠭᠠᠵᠤ᠂ ᠪᠦᠬᠦ ᠣᠷᠣᠨ ᠤ 81 ᠬᠤᠰᠢᠭᠤ ᠰᠢᠶᠠᠨ ᠎ ᠨᠢ ᠲᠠᠷᠢᠶᠠᠯᠠᠩ ᠤᠨ ᠪᠠᠩᠬᠢ᠂ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠵᠡᠷᠭᠡ 9 ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠵᠡᠢ᠃ ᠡᠭᠦᠨ ᠤ ᠬᠠᠮᠲᠤ᠂ ᠳᠠᠭᠠᠳᠬᠠᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠶᠠᠳᠠᠭᠤ ᠬᠦᠴᠢᠷᠳᠡᠯᠲᠡᠢ ᠡᠷᠦᠬᠡ ᠳᠤ ᠭᠡᠷ᠎ᠡ ᠭᠦᠢᠴᠡᠳᠬᠡᠬᠦ ᠪᠠᠲᠤᠯᠠᠭᠠᠲᠤ ᠳᠠᠭᠠᠳᠬᠠᠯ ᠤᠨ ᠵᠠᠷᠤᠳᠠᠯ ᠨᠥᠬᠦᠪᠦᠷᠢ ᠣᠯᠭᠤᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠵᠢᠭᠡᠯᠡᠯᠭᠡ ᠣᠯᠬᠤ ᠳᠤ ᠬᠦᠴᠢᠷᠲᠡᠢ ᠠᠰᠠᠭᠤᠳᠠᠯ ᠢ ᠦᠨᠡᠨᠬᠦ ᠰᠢᠢᠳᠪᠦᠷᠢᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号