ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡ ᠶᠢᠨ ᠠᠯᠪᠠᠨ ᠭᠡᠷ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠤᠨ 2017 ᠣᠨ ᠤ ᠬᠤᠷᠠᠯ︾᠎ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2017/9/14
     9 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠭᠰᠠᠨ ᠢᠶᠠᠷ᠂ ᠤᠷᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠪᠧᠷᠢᠶ᠎ᠠ ᠬᠤᠪᠢᠶᠠᠷᠢ ᠬᠦᠷᠢᠶᠡᠯᠡᠩ ᠤᠨ ᠮᠤᠩᠭᠤᠯ ᠰᠤᠳᠤᠯᠤᠯ᠂ ᠪᠤᠷᠬᠠᠨ ᠱᠠᠰᠢᠨ ᠤ ᠤᠬᠠᠭᠠᠨ᠂ ᠲᠦᠪᠡᠳ ᠰᠤᠳᠤᠯᠤᠯ ᠤᠨ ᠭᠠᠵᠠᠷ ᠠᠴᠠ ᠳᠠᠭᠠᠭᠠᠴᠢᠯᠠᠨ ᠡᠷᠬᠢᠯᠡᠬᠦ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠤᠨ 2017 ᠣᠨ ᠤ ᠬᠤᠷᠠᠯ︾ 9 ᠳ᠋ᠦ᠋ᠭᠡᠷ ᠰᠠᠷ᠎ᠠ ᠶᠢᠨ 18᠎ ᠠᠴᠠ 22 ᠪᠤᠯᠳᠠᠯ᠎ᠠ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠪᠤᠷᠢᠶᠠᠳ ᠤᠯᠤᠰ ᠤᠨ ᠨᠡᠶᠢᠰᠯᠡᠯ ᠤᠯᠠᠭᠠᠠᠦᠳᠡ ᠬᠤᠳᠠ ᠳᠤ ᠶᠠᠪᠤᠭᠳᠠᠨ᠎ᠠ᠃      ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠤᠷᠢᠶᠠᠯᠠᠭ᠎ᠠ ᠪᠠ ᠳᠡᠮᠵᠢᠯᠬᠡ ᠳᠤᠤᠷ᠎ᠠ᠂ 2015 ᠣᠨ ᠤ 9 ᠳ᠋ᠦ᠋ᠭᠡᠷ ᠰᠠᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠬᠦᠭᠵᠢᠯᠳᠡ ᠶᠢᠨ ᠰᠤᠳᠤᠯᠭᠠᠨ ᠤ ᠲᠦᠪ ᠨᠢ ᠳᠤᠮᠳᠠᠳᠤ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠭᠵᠢᠯᠳᠡ ᠶᠢᠨ ᠰᠤᠳᠤᠯᠭᠠᠨ ᠤ ᠲᠦᠪ ᠤᠨ ᠤᠯᠠᠨ ᠤᠯᠤᠰ ᠤᠨ ᠬᠠᠮᠳᠤᠷᠠᠯᠴᠠᠭ᠎ᠠ ᠶᠢᠨ ᠳᠤᠪᠴᠢᠶ᠎ᠠ᠂ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠮᠤᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠤᠷᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠤᠰ ᠳᠤᠷᠤᠨᠠᠳᠤ ᠶᠢᠨ ᠰᠤᠳᠤᠯᠭᠠᠨ ᠤ ᠭᠠᠵᠠᠷ ᠲᠠᠢ ᠬᠠᠮᠳᠤᠷᠠᠨ᠂ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠬᠠᠮᠳᠤᠷᠠᠭᠰᠠᠨ ᠬᠤᠯᠪᠤᠭ᠎ᠠ ᠶᠢ ᠪᠠᠶᠢᠭᠤᠯᠵᠠᠢ᠃ ᠠᠩᠬᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠨᠢ ︽ᠪᠤᠯᠪᠠᠰᠤᠨ ᠢᠶᠠᠷ ᠬᠠᠷᠢᠯᠴᠠᠨ ᠳᠤᠯᠢ ᠪᠤᠯᠭᠠᠵᠤ᠂ ᠦᠵᠡᠯ ᠰᠠᠨᠠᠭ᠎ᠠ ᠶᠢᠨ ᠰᠤᠯᠢᠯᠴᠠᠭ᠎ᠠ᠂ ᠲᠦᠷᠦ ᠶᠢᠨ ᠪᠤᠳᠤᠯᠭ᠎ᠠ ᠶᠢᠨ ᠤᠢᠢᠯᠠᠭᠠᠯᠴᠠᠭ᠎ᠠ ᠨᠡᠪᠳᠡᠷᠡᠯᠴᠡᠭᠡ — ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠤᠯᠳᠠ ᠶᠢ ᠭᠠᠷ ᠬᠤᠯᠪᠤᠯᠴᠠᠨ ᠠᠬᠢᠭᠤᠯᠤᠶ᠎ᠠ︾ ᠭᠡᠬᠦ ᠭᠤᠤᠯ ᠰᠡᠳᠤᠪ ᠢᠶᠠᠷ ᠮᠤᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ ᠬᠤᠳᠠ ᠳᠤ ᠶᠠᠪᠤᠭᠳᠠᠵᠠᠢ᠃ 2016 ᠣᠨ ᠤ 9 ᠳ᠋ᠦ᠋ᠭᠡᠷ ᠰᠠᠷ᠎ᠠ ᠳᠤ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠨᠢ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ᠄ ᠵᠤᠯᠭᠠᠯᠴᠠᠭᠤᠯᠬᠤ ᠪᠠ ᠦᠷᠬᠡᠳᠬᠡᠬᠦ︾ ᠭᠤᠤᠯ ᠰᠡᠳᠦᠪ ᠢᠶᠠᠷ ᠳᠤᠮᠳᠠᠳᠤ ᠤᠯᠤᠰ ᠤᠨ ᠬᠦᠬᠡᠬᠤᠳᠠ ᠳᠤ ᠶᠠᠪᠤᠭᠳᠠᠵᠠᠢ᠃      ︽2017 ᠣᠨ ᠤ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ︾᠎ ᠨᠢ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ᠄ ᠬᠦᠭᠵᠢᠯᠳᠡ ᠶᠢᠨ ᠠᠤᠭ᠎ᠠ ᠲᠦᠰᠦᠪ︾᠎ ᠢᠶᠠᠷ ᠭᠤᠤᠯ ᠰᠡᠳᠦᠪ ᠢᠶᠠᠨ ᠪᠤᠯᠭᠠᠵᠤ᠂ ᠭᠤᠷᠪᠠᠨ ᠳᠠᠯ᠎ᠠ ᠪᠠᠷ ᠬᠠᠮᠳᠤᠪᠡᠷ ᠠᠩᠬᠠᠷᠴᠤ ᠪᠠᠶᠢᠭ᠎ᠠ ︽ᠠᠰᠠᠭᠤᠳᠠᠯ ᠪᠠ ᠢᠷᠡᠬᠡᠳᠦᠢ ᠶᠢᠨ ᠬᠦᠭᠵᠢᠯᠳᠡ︾᠂ ︽ᠰᠠᠭᠤᠷᠢ ᠪᠡᠯᠡᠳᠬᠡᠮᠵᠢ ᠪᠠ ᠠᠷᠠᠯᠵᠢᠶ᠎ᠠ ᠬᠤᠳᠠᠯᠳᠤᠭ᠎ᠠ︾᠂ ︽ᠳᠠᠷᠢᠶᠠᠯᠠᠩ᠂ ᠵᠢᠭᠤᠯᠴᠢᠯᠠᠯ᠂ ᠠᠮᠢ ᠠᠬᠤᠢ︾ ᠪᠠ ︽ᠰᠤᠶᠤᠯ ᠢᠷᠬᠡᠨᠰᠢᠯ ᠤᠨ ᠬᠠᠮᠳᠤᠷᠠᠯᠴᠠᠭ᠎ᠠ︾ ᠵᠡᠷᠬᠡ ᠶᠢᠨ ᠳᠤᠭᠤᠷᠢᠨ ᠳᠤ ᠰᠤᠳᠤᠯᠤᠨ ᠶᠠᠷᠢᠯᠴᠠᠨ᠎ᠠ᠃ ᠳᠤᠰ ᠤᠳᠠᠭ᠎ᠠ ᠶᠢᠨ ᠶᠠᠷᠢᠶᠠᠨ ᠤ ᠳᠠᠪᠴᠠᠩ ᠳᠤ ᠳᠤᠮᠳᠠᠳᠤ ᠤᠯᠤᠰ᠂ ᠮᠤᠩᠭᠤᠯ ᠤᠯᠤᠰ ᠪᠠ ᠤᠷᠤᠰ ᠤᠨ ᠳᠤᠰᠬᠠᠢ ᠮᠡᠷᠬᠡᠵᠢᠯᠳᠡᠨ ᠡᠷᠳᠡᠮᠳᠡᠳ 110 ᠰᠢᠬᠠᠮ ᠬᠦᠮᠦᠰ ᠤᠷᠤᠯᠴᠠᠨ᠎ᠠ᠃      ᠤᠢᠢᠯᠠᠭᠠᠭᠰᠠᠨ ᠢᠶᠠᠷ᠂ ᠭᠤᠷᠪᠠᠨ ᠵᠢᠯ ᠤᠨ ᠳᠤᠷᠰᠢ᠂ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠬᠤᠯᠪᠤᠭ᠎ᠠ ᠶᠢᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠳᠤᠭᠳᠠᠭᠤᠨ ᠢᠶᠠᠷ ᠠᠬᠢᠭᠤᠯᠵᠤ᠂ ᠭᠤᠷᠪᠠᠨ ᠤᠯᠤᠰ ᠤᠨ ᠤᠶᠤᠨ ᠤ ᠬᠦᠮᠦᠷᠬᠡ ᠶᠢᠨ ᠬᠤᠭᠤᠷᠤᠨᠳᠤᠬᠢ ᠪᠤᠳᠠᠳᠠᠢ ᠬᠠᠮᠳᠤᠷᠠᠯᠴᠠᠭ᠎ᠠ ᠶᠢ ᠳᠠᠰᠤᠷᠠᠯᠳᠠ ᠦᠬᠡᠢ ᠴᠢᠩᠭᠠᠳᠬᠠᠵᠤ᠂ ︽ᠨᠢᠬᠡ ᠪᠦᠰᠡ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ ᠪᠠ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠤᠯᠳᠠ ᠳᠤ ᠢᠳᠡᠪᠬᠢᠳᠡᠢ ᠤᠶᠤᠨ ᠤ ᠬᠦᠮᠦᠷᠬᠡ ᠶᠢᠨ ᠬᠦᠳᠦᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号