ᠬᠥᠯᠥᠨ ᠪᠣᠶᠢᠷ ᠬᠤᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2017/9/14
      ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠢᠭ ᠬᠥᠷᠲᠡᠭᠡᠬᠦ ᠬᠡᠳᠦᠨ ᠲᠥᠷᠥ ᠶᠢᠨ ᠪᠣᠳᠣᠯᠭ᠎ᠠ ᠶᠢᠨ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠢ ᠦᠨᠳᠦᠰᠦᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ 110 ᠲᠥᠬᠦᠷᠢᠭ ᠪᠣᠯᠭᠠᠨ ᠳᠡᠭᠡᠭᠰᠢᠯᠡᠭᠦᠯᠪᠡ  ᠂ ᠲᠣᠬᠠᠶᠢᠯᠠᠪᠠᠯ ᠤᠤᠯ ᠳᠠᠭᠠᠨ ᠬᠥᠮᠥᠨ ᠪᠦᠷᠢ ᠰᠠᠷ᠎ᠠ ᠪᠣᠯᠭᠠᠨ 90 ᠲᠦᠬᠦᠷᠢᠭ ᠤᠨ ᠨᠥᠬᠦᠪᠦᠷᠢ ᠶᠢᠨ ᠰᠠᠭᠤᠷᠢᠨ ᠳᠡᠭᠡᠷ᠎ᠡ 20 ᠲᠦᠬᠦᠷᠢᠭ ᠳᠡᠭᠡᠭᠰᠢᠯᠡᠭᠦᠯᠬᠦ ᠪᠣᠯᠣᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠬᠤᠲᠠ ᠲᠣᠭᠤᠷᠢᠭ ᠱᠠᠲᠤ ᠬᠤᠪᠢᠶᠠᠨ ᠡᠭᠦᠷᠭᠡᠯᠡᠵᠦ᠂  ᠬᠥᠯᠥᠨ ᠪᠣᠶᠢᠷ ᠬᠤᠲᠠ ᠶᠢᠨ ᠬᠥᠮᠥᠨ ᠤ ᠬᠥᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠬᠠᠩᠭᠠᠭᠰᠠᠨ ᠰᠦᠢᠳᠬᠡᠯ ᠲᠤᠰᠢᠶᠠᠬᠤ ᠨᠥᠬᠦᠪᠦᠷᠢ ᠪᠣᠯᠣᠨ ᠬᠠᠷᠠᠭᠠᠯᠵᠠᠯ ᠤᠨ ᠨᠥᠬᠦᠪᠦᠷᠢ ᠶᠢᠨ ᠰᠠᠭᠤᠷᠢ ᠲᠤᠭ᠎ᠠ ᠪᠠᠷᠢᠮᠲᠠ ᠪᠠᠷ ᠪᠣᠳᠣᠭᠠᠳ ᠬᠤᠲᠠ ᠶᠢᠨ ᠲᠤᠰ ᠱᠠᠲᠤᠨ ᠠᠴᠠ ᠨᠡᠶᠢᠲᠡ 2151 ᠲᠦᠮᠡᠨ ᠲᠦᠬᠦᠷᠢᠭ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠲᠣᠬᠢᠷᠠᠭᠤᠯᠵᠠᠢ᠃ 2017 ᠣᠨ ᠤ 8 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠬᠥᠯᠥᠨ ᠪᠣᠶᠢᠷ ᠬᠤᠲᠠ ᠶᠢᠨ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ ᠨᠡᠶᠢᠲᠡ 13262 ᠲᠦᠮᠡᠨ ᠲᠦᠬᠦᠷᠢᠭ ᠪᠠᠭᠤᠯᠭᠠᠨ ᠥᠭᠪᠡ᠂ ᠡᠭᠦᠨ ᠳᠤ᠄ ᠲᠥᠪ ᠤᠨ ᠨᠥᠬᠦᠪᠦᠷᠢ ᠮᠥᠩᠭᠦ 10087 ᠲᠦᠮᠡᠨ ᠲᠦᠬᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ 1884 ᠲᠦᠮᠡᠨ ᠲᠦᠬᠦᠷᠢᠭ᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠮᠥᠩᠭᠦ 1291 ᠲᠦᠮᠡᠨ ᠲᠦᠬᠦᠷᠢᠭ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号