ᠤᠯᠠᠭᠠᠨᠬᠠᠳᠠ ᠬᠤᠲᠠ ᠶᠢᠨ 1 — 8 ᠳ᠋ᠤᠭᠠᠷ ᠰᠠᠷ᠎ᠠ ᠳᠤ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ︽ᠪᠥᠬᠦᠨ ᠳᠤ ᠲᠤᠬᠢᠷᠠᠬᠤ ᠺᠠᠷᠲ︾ ᠣᠯᠭᠤᠬᠤ ᠬᠠᠨᠳᠤᠰᠢ ᠦᠷᠭᠦᠯᠵᠢᠯᠡᠨ ᠨᠡᠮᠡᠭᠳᠡᠵᠦ ᠪᠣᠢ
ᠨᠡᠶᠢᠲᠡᠯᠡᠭᠰᠡᠨ ᠴᠠᠭ᠄
2017/9/15
     1 — 8 ᠰᠠᠷ᠎ᠠ ᠳᠤ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ︽ᠪᠥᠬᠦᠨ ᠳᠤ ᠲᠤᠬᠢᠷᠠᠬᠤ ᠺᠠᠷᠲ︾ ᠣᠯᠭᠤᠬᠤ ᠠᠵᠢᠯ ᠡᠷᠴᠢᠮᠲᠡᠶ ᠶᠠᠪᠤᠭᠳᠠᠵᠤ᠂ 2017 ᠣᠨ ᠤ 8 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠡᠯ᠎ᠡ ᠵᠦᠢᠯ ᠤᠨ ᠨᠥᠬᠦᠪᠥᠷᠢ ᠮᠥᠩᠭᠦ ᠶᠢ ᠨᠡᠶᠢᠲᠡ 330444.28  ᠲᠦᠮᠡᠨ ᠲᠥᠭᠦᠷᠢᠭ ᠣᠯᠭᠤᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 70285.98 ᠲᠦᠮᠡᠨ ᠲᠥᠭᠦᠷᠢᠭ ᠨᠡᠮᠡᠭᠳᠡᠵᠦ᠂ 27.02% ᠨᠡᠮᠡᠭᠳᠡᠪᠡ︔ ᠨᠥᠬᠦᠪᠥᠷᠢ ᠮᠥᠩᠭᠦ ᠨᠢ 10 ᠬᠦᠷᠢᠶᠡᠨ ᠳᠠᠬᠢ 89 ᠲᠦᠷᠦᠯ ᠤᠨ 116 ᠵᠦᠢᠯ ᠳᠤ ᠬᠤᠯᠪᠣᠭᠳᠠᠵᠤ᠂ ᠠᠰᠢᠭ ᠬᠦᠷᠲᠡᠭᠰᠡᠨ ᠬᠤᠳᠠ ᠬᠥᠳᠡᠭᠡ ᠶᠢᠨ ᠰᠠᠭᠤᠭᠠᠯᠢ ᠠᠷᠠᠳ 426.3 ᠲᠦᠮᠡᠨ ᠬᠥᠮᠦᠨ ᠤᠳᠠᠭ᠎ᠠ ᠳᠤ ᠬᠦᠷᠪᠡ᠂ ᠡᠭᠦᠨ ᠳᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠮᠥᠩᠭᠦ 307647.56 ᠲᠦᠮᠡᠨ ᠲᠥᠭᠦᠷᠢᠭ ᠣᠯᠭᠤᠵᠤ᠂ ᠠᠰᠢᠭ ᠬᠦᠷᠲᠡᠭᠰᠡᠨ ᠮᠠᠯᠴᠢᠨ ᠲᠠᠷᠢᠶᠠᠴᠢᠨ 395.3 ᠲᠦᠮᠡᠨ ᠬᠥᠮᠦᠨ ᠤᠳᠠᠭ᠎ᠠ ᠳᠤ ᠬᠦᠷᠴᠡᠢ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 22796.72 ᠲᠦᠮᠡᠨ ᠲᠥᠭᠦᠷᠢᠭ ᠣᠯᠭᠤᠵᠤ᠂ ᠠᠰᠢᠭ ᠬᠦᠷᠲᠡᠭᠰᠡᠨ ᠬᠤᠲᠠ ᠪᠠᠯᠭᠠᠰᠤ ᠶᠢᠨ ᠰᠠᠭᠤᠭᠠᠯᠢ ᠠᠷᠠᠳ 31 ᠲᠦᠮᠡᠨ ᠬᠥᠮᠦᠨ ᠤᠳᠠᠭ᠎ᠠ ᠳᠤ ᠬᠦᠷᠪᠡ᠃  ᠨᠥᠬᠦᠪᠥᠷᠢ ᠶᠢᠨ ᠲᠥᠷᠥᠯ ᠵᠦᠢᠯ ᠳᠤ ᠣᠯᠭᠤᠭᠰᠠᠨ ᠲᠤᠭ᠎ᠠ ᠠᠴᠠ ᠦᠵᠡᠪᠡᠯ᠂ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ ᠨᠢ ᠳᠤᠰ ᠳᠤᠰ᠄ ᠲᠠᠷᠢᠶᠠᠯᠠᠩ ᠢ ᠳᠡᠮᠵᠢᠵᠦ ᠬᠠᠮᠠᠭᠠᠯᠠᠬᠤ ᠨᠥᠬᠦᠪᠥᠷᠢ 56792.13 ᠲᠦᠮᠡᠨ ᠲᠥᠭᠦᠷᠢᠭ︔ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠮᠥᠩᠭᠦ 13459.05 ᠲᠦᠮᠡᠨ ᠲᠥᠭᠦᠷᠢᠭ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠮᠥᠩᠭᠦ 42056.29 ᠲᠦᠮᠡᠨ ᠲᠥᠭᠦᠷᠢᠭ︔ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠨᠥᠬᠦᠪᠥᠷᠢ 14823.94 ᠲᠦᠮᠡᠨ ᠲᠥᠭᠦᠷᠢᠭ︔ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ18687.49 ᠲᠦᠮᠡᠨ ᠲᠥᠭᠦᠷᠢᠭ︔ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠨᠥᠬᠦᠪᠥᠷᠢ 21865.86 ᠲᠦᠮᠡᠨ ᠲᠥᠭᠦᠷᠢᠭ︔ ᠬᠤᠳᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 16341.96 ᠲᠦᠮᠡᠨ ᠲᠥᠭᠦᠷᠢᠭ︔ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 42179.856 ᠲᠥᠭᠦᠷᠢᠭ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号