ᠮᠠᠨ ᠤ ᠣᠷᠣᠨ ᠤ 2017 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠲᠦ ᠰᠤᠷᠭᠠᠭᠤᠯᠢ ᠶᠢᠨ ᠰᠢᠯᠭᠠᠯᠲᠠ 9 ᠳ᠋ᠤᠭᠡᠷ ᠰᠠᠷ᠎ᠠ ᠶᠢᠨ 18 ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2017/9/15
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠯᠪᠠᠨ ᠰᠦᠯᠵᠢᠶᠡᠨ ᠳᠤ ᠪᠠᠨ ᠮᠠᠨ ᠤ ᠣᠷᠣᠨ ᠤ 2017 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠲᠦ ᠰᠤᠷᠭᠠᠭᠤᠯᠢ ᠶᠢᠨ ᠰᠢᠯᠭᠠᠯᠲᠠ 9 ᠳ᠋ᠤᠭᠡᠷ ᠰᠠᠷ᠎ᠠ ᠶᠢᠨ 18 ᠤ ᠡᠳᠦᠷ ᠠᠴᠠ 9 ᠳ᠋ᠤᠭᠡᠷ ᠰᠠᠷ᠎ᠠ ᠶᠢᠨ 24 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠂ ᠬᠤᠭᠤᠴᠠᠭ᠎ᠠ ᠨᠢ ᠬᠡᠲᠦᠷᠡᠪᠡᠯ ᠬᠦᠯᠢᠶᠡᠨ ᠠᠪᠴᠤ ᠰᠢᠶᠳᠪᠦᠷᠢᠯᠡᠬᠦ ᠦᠭᠡᠢ ᠬᠡᠰᠡᠨ ᠮᠡᠳᠡᠭᠡ ᠵᠠᠩᠬᠢ ᠨᠡᠶᠢᠲᠡᠯᠡᠪᠡ᠃      ᠰᠢᠯᠭᠠᠭᠤᠯᠤᠭᠰᠠᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠤᠶᠤ ᠠᠵᠢᠯᠯᠠᠵᠤ ᠪᠠᠶᠢᠭ᠎ᠠ ᠭᠠᠵᠠᠷ ︵ᠡᠷᠦᠭᠡ ᠠᠮᠠ ᠶᠢᠨ ᠳᠠᠩᠰᠠ ᠨᠢ ᠤᠨᠳᠤᠤ ᠭᠠᠵᠠᠷ ᠪᠠᠶᠢᠪᠠᠯ ᠨᠡᠷ᠎ᠡ ᠮᠡᠳᠡᠭᠦᠯᠬᠦ ᠨᠥᠬᠦᠴᠡᠯ ᠤᠨ ᠨᠢᠭᠡᠳᠦᠭᠡᠷ ᠵᠤᠷᠪᠤᠰ ᠤᠨ ᠲᠤᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ︶ ᠬᠤᠰᠢᠭᠤ ︵ᠰᠢᠶᠠᠨ᠂ ᠬᠤᠲᠠ᠂ ᠲᠤᠭᠤᠷᠢᠭ︶ ︵ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶ ᠶᠢᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠵᠤ ᠪᠤᠯᠤᠨ᠎ᠠ᠃ ᠡᠷᠦᠭᠡ ᠠᠮᠠ ᠶᠢᠨ ᠳᠠᠩᠰᠠ ᠨᠢ ᠪᠠᠶᠢᠬᠤ ᠦᠭᠡᠢ ᠭᠠᠵᠠᠷ ᠲᠤ ᠨᠡᠷ᠎ᠡ ᠮᠡᠳᠡᠭᠦᠯᠬᠦ ᠰᠢᠯᠭᠠᠭᠤᠯᠤᠭᠰᠠᠳ ᠨᠡᠷ᠎ᠡ ᠮᠡᠳᠡᠭᠦᠯᠬᠦ ᠨᠥᠬᠦᠴᠡᠯ ᠳᠤ ᠬᠤᠯᠪᠤᠭᠳᠠᠬᠤ ᠭᠠᠵᠠᠷ ᠣᠷᠣᠨ ᠨᠢ ᠡᠷᠬᠡᠪᠰᠢ ᠠᠳᠠᠯᠢ ᠨᠢᠭᠡᠨ ᠬᠤᠰᠢᠭᠤ ᠰᠢᠶᠠᠨ ᠪᠠᠶᠢᠬᠤ ᠬᠡᠷᠡᠭᠲᠠᠢ︔ ᠲᠣᠭᠤᠷᠢᠭ ᠪᠠᠶᠢᠭᠤᠯᠤᠭᠰᠠᠨ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠬᠤᠭᠤᠷᠣᠨᠳᠣᠬᠢ ᠲᠤᠭᠤᠷᠢᠭ ᠠᠯᠤᠰᠯᠠᠨ ᠨᠡᠷ᠎ᠡ ᠮᠡᠳᠡᠭᠦᠯᠦᠭᠰᠡᠨ ᠪᠤᠯ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠢᠶᠠᠷ ᠦᠵᠡᠨ᠎ᠡ᠂ ᠡᠶᠢᠮᠦᠷᠬᠦ ᠪᠠᠶᠢᠳᠠᠯ ᠲᠠᠢ ᠰᠢᠯᠭᠠᠭᠤᠯᠤᠭᠰᠠᠳ ᠨᠡᠶᠢᠭᠡᠮ ᠤᠨ ᠳᠠᠭᠠᠳᠬᠠᠯ ᠪᠤᠶᠤ ᠭᠠᠶᠢᠯᠢ ᠲᠤᠰᠢᠶᠠᠬᠤ ᠬᠠᠷᠢᠶ᠎ᠠ ᠲᠤᠭᠤᠷᠢᠭ ᠲᠤ ᠨᠡᠷ᠎ᠡ ᠮᠡᠳᠡᠭᠦᠯᠬᠦ ᠬᠡᠷᠡᠭᠲᠠᠢ᠃ ᠬᠢᠯᠢ ᠬᠢᠵᠠᠭᠠᠷ ᠤᠨ 31 ᠬᠤᠰᠢᠭᠤ ︵ᠰᠢᠶᠠᠨ︶ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠬᠦ ᠰᠢᠯᠭᠠᠭᠤᠯᠤᠭᠰᠠᠳ ᠡᠷᠬᠡᠪᠰᠢ ᠲᠤᠰ ᠬᠦᠮᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠬᠤᠰᠢᠭᠤ ᠰᠢᠶᠠᠨ ᠳᠤ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠶ᠃ ᠲᠡᠶᠢᠮᠦ ᠪᠢᠰᠢ ᠪᠤᠯ᠂ ᠡᠶᠢᠮᠦᠷᠬᠦ ᠲᠦᠷᠦᠯ ᠤᠨ ᠬᠤᠪᠢ ᠨᠡᠮᠡᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠭᠡᠬᠦ ᠦᠭᠡᠢ᠃      ᠨᠡᠷ᠎ᠡ ᠮᠡᠳᠡᠭᠦᠯᠬᠦ ᠦᠨᠳᠦᠰᠦᠨ ᠨᠥᠬᠦᠴᠡᠯ᠄ 2017 ᠤᠨ ᠤ 9 ᠳ᠋ᠤᠭᠡᠷ ᠰᠠᠷ᠎ᠠ ᠶᠢᠨ 17 ᠤ ᠡᠳᠦᠷ ᠪᠣᠯᠲᠠᠯ᠎ᠠ᠂ ᠮᠠᠨ ᠤ ᠣᠷᠣᠨ ᠤ ᠡᠷᠦᠬᠡ ᠠᠮᠠ ᠶᠢᠨ ᠳᠠᠩᠰᠠ ᠲᠠᠢ ᠪᠤᠶᠤ ᠮᠠᠨ ᠤ ᠣᠷᠣᠨ ᠤ ᠬᠡᠪᠴᠢᠶᠡᠨ ᠳᠤ ᠠᠵᠢᠯ ᠡᠷᠬᠢᠯᠡᠵᠤ ᠪᠠᠶᠢᠭ᠎ᠠ ᠭᠠᠵᠠᠷ ᠲᠠᠭᠠᠨ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠲᠦᠷᠢᠶᠡᠰᠦᠯᠡᠭᠰᠡᠨ ᠢ ᠪᠠᠭᠲᠠᠭᠠᠨ᠎ᠠ︶ ᠲᠠᠢ ᠮᠦᠷᠲᠡᠭᠡᠨ  ᠵᠠᠯᠭᠠᠭ᠎ᠠ ᠪᠠᠷ ᠣᠷᠣᠰᠢᠨ ᠰᠠᠭᠤᠵᠤ᠂ ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠲᠠᠢ ᠮᠥᠷᠲᠡᠭᠡᠨ ᠭᠠᠶᠢᠯᠢ ︵ᠪᠤᠶᠤ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ︶ ᠲᠤᠰᠢᠶᠠᠭᠠᠳ ᠪᠦᠬᠦᠯᠢ ᠬᠤᠶᠠᠷ ᠵᠢᠯ ᠪᠤᠯᠤᠭᠰᠠᠨ ᠰᠢᠯᠭᠠᠭᠤᠯᠤᠭᠰᠠᠳ ᠨᠡᠷ᠎ᠡ ᠮᠡᠳᠡᠭᠦᠯᠵᠤ ᠪᠣᠯᠤᠨ᠎ᠠ᠃      ᠡᠬᠦᠨ ᠠᠴᠠ ᠭᠠᠳᠠᠨ᠎ᠠ᠂ ᠦᠨᠳᠦᠷ ᠳᠤᠮᠳᠠᠳᠤ ᠠᠴᠠ ᠵᠢᠩᠬᠢᠨᠢ ᠠᠩᠬᠢ᠂ ᠲᠤᠰᠬᠠᠶ ᠮᠡᠷᠭᠡᠵᠢᠯ ᠤᠨ ᠠᠩᠬᠢ ᠳᠤ ᠳᠠᠪᠰᠢᠬᠤ ᠰᠢᠯᠭᠠᠭᠤᠯᠤᠭᠰᠠᠳ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ︵ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠵᠡᠷᠭᠡ ᠪᠠᠭᠲᠠᠨ᠎ᠠ︶ ᠠᠴᠠ ᠲᠡᠭᠦᠰᠦᠭᠰᠡᠨ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠠᠢ᠃ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠵᠢᠩᠬᠢᠨᠢ ᠠᠩᠬᠢ ᠳᠤ ᠳᠡᠪᠰᠢᠬᠤ ᠰᠢᠯᠭᠠᠭᠤᠯᠤᠭᠰᠠᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠢᠶᠠᠷ ᠬᠢᠨᠠᠨ ᠲᠤᠭᠲᠠᠭᠠᠯᠭᠠᠵᠤ ᠵᠦᠪᠰᠢᠶᠡᠷᠡᠬᠦᠯᠦᠭᠰᠡᠨ ᠢᠷᠭᠡᠨ ᠤ ᠰᠤᠷᠭᠠᠨ ᠬᠥᠮᠦᠵᠢᠯ ᠤᠨ ᠰᠢᠷᠢᠰ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠰᠣᠷᠣᠭᠰᠠᠳ ᠤᠨ ᠰᠢᠯᠭᠠᠯᠲᠠ ᠶᠢᠨ ᠪᠠᠶᠢᠭᠤᠯᠤᠮᠵᠢ ᠠᠴᠠ ᠣᠯᠭᠤᠭᠰᠠᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠦᠨᠡᠮᠯᠡᠯ᠂ ᠵᠢᠩᠬᠢᠨᠢ ᠠᠩᠬᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠪᠤᠶᠤ ᠡᠭᠦᠨ ᠠᠴᠠ ᠳᠡᠭᠡᠭᠰᠢᠬᠢ ᠦᠨᠡᠮᠯᠡᠯ ᠲᠠᠢ ᠪᠠᠶᠢᠬᠤ ᠬᠡᠷᠡᠭᠲᠠᠢ᠃      ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠲᠥᠷᠥᠯ ᠳᠤ ᠨᠡᠷ᠎ᠡ ᠮᠡᠳᠡᠭᠦᠯᠬᠦ ᠰᠢᠯᠭᠠᠭᠤᠯᠤᠭᠰᠠᠳ ᠲᠤ ᠠᠰᠲᠠᠭᠠᠨ ᠬᠢᠵᠠᠭᠠᠷᠯᠠᠬᠤ ᠱᠠᠭᠠᠷᠳᠠᠯᠭ᠎ᠠ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号