9 ᠳ᠋ᠦ᠋ᠭᠡᠷ ᠰᠠᠷ᠎ᠠ ᠶᠢᠨ 16 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ ᠤᠨ ᠬᠢᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠦᠨᠲ᠋ᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠲᠠᠢ ᠬᠠᠮᠳᠤᠷᠠᠵᠦ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ | ᠡᠳᠦᠷ ᠤᠨ ᠥᠪᠦᠷ ᠮᠤᠩᠭᠤᠯ ᠤᠨ ᠭᠤᠤᠯ ᠲᠠᠯᠠᠪᠤᠷ ᠤᠨ ᠣᠯᠠᠨ ᠲᠦᠷᠦᠯ ᠤᠨ ᠠᠵᠢᠯᠯᠠᠭ᠎ᠠ ᠶᠢ ᠦᠷᠨᠢᠭᠦᠯᠵᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠪᠦᠭᠡᠳ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠳᠡᠳ᠋ ᠲᠡᠷᠢᠬᠦᠯᠡᠭᠴᠢ ᠨᠢᠦ ᠭᠤᠸᠠᠩ ᠮᠢᠩ ᠠᠵᠢᠯᠯᠠᠭ᠎ᠠ ᠳᠤ ᠤᠷᠤᠯᠴᠠᠬᠤ ᠶᠢᠨ ᠬᠠᠮᠳᠦ ᠤᠷᠢᠯᠭ᠎ᠠ ᠪᠠᠷ | ᠠᠵᠢᠯᠯᠠᠭ᠎ᠠ ᠳᠤ ᠤᠷᠤᠯᠴᠠᠭᠰᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠬᠠᠮᠠᠳ | ᠰᠢᠨᠵᠢᠯᠡᠬᠦ ᠤᠬᠠᠭᠠᠨᠳᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠪᠦᠯᠬᠦᠮ ᠤᠨ ᠪᠦᠷᠢᠯᠳᠦᠬᠦᠨ ᠲᠠᠢ | ᠠᠭᠤᠯᠵᠠᠵᠠᠢ᠃ | ᠡᠨᠡ ᠵᠢᠯ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠡᠳᠦᠷ ᠤᠨ | ᠠᠵᠢᠯᠯᠠᠭ᠎ᠠ ᠨᠢ ︽ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠨ ᠬᠦᠭᠵᠢᠵᠦ᠂ ᠰᠢᠨᠵᠢᠯᠡᠬᠦ ᠤᠬᠠᠭᠠᠨ ᠢᠶᠠᠷ ᠪᠠᠯᠠᠢ | ᠮᠤᠩᠬᠠᠭ ᠢ ᠠᠷᠢᠯᠭᠠᠶ᠎ᠠ︾ ᠭᠡᠬᠦ ᠭᠤᠤᠯ ᠰᠡᠳᠦᠪ ᠲᠠᠢ᠃ ᠮᠠᠨ ᠤ ᠣᠷᠣᠨ ᠳᠠᠬᠢ ᠠᠵᠢᠯᠯᠠᠭ᠎ᠠ ᠨᠢ ᠰᠢᠨᠵᠢᠯᠡᠬᠦ | ᠤᠬᠠᠭᠠᠨ ᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠦ᠂ ᠬᠦᠭᠵᠢᠯᠳᠠ ᠶᠢᠨ ᠣᠨᠣᠯᠵᠢᠬᠤᠨ ᠢ ᠲᠦᠭᠡᠮᠡᠯᠵᠢᠬᠦᠯᠦᠨ | ᠳᠠᠮᠵᠢᠭᠤᠯᠵᠦ᠂ ᠰᠢᠨ᠎ᠡ ᠶᠢ ᠡᠬᠦᠳᠴᠦ ᠡᠬᠦᠳᠦᠨ ᠪᠦᠳᠦᠭᠡᠵᠦ ᠦᠢᠯᠡᠰ ᠪᠤᠰᠬᠠᠬᠤ ᠶᠢ ᠰᠠᠨᠠᠭᠠᠴᠢᠯᠠᠵᠦ᠂ ᠤᠯᠠᠨ | ᠨᠡᠶᠢᠳᠡ ᠶᠢᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠤᠶᠢᠯᠠᠭᠠᠯᠳᠠ ᠶᠢ ᠠᠬᠢᠭᠤᠯᠬᠤ ᠵᠡᠷᠭᠡ ᠲᠠᠯ᠎ᠠ ᠪᠠᠷ | ᠦᠷᠨᠢᠬᠦᠯᠵᠦ᠂ ᠭᠤᠤᠯᠳᠠᠭᠤ ᠲᠠᠪᠤᠨ ᠲᠠᠯ᠎ᠠ ᠶᠢᠨ ᠠᠭᠤᠯᠭ᠎ᠠ ᠲᠠᠢ᠃ | ᠨᠢᠭᠡ ᠳᠤ᠂ ᠰᠢᠨᠵᠢᠯᠡᠬᠦ ᠤᠬᠠᠭᠠᠨ ᠤ ᠪᠡᠶᠡᠴᠢᠯᠠᠨ ᠤᠶᠢᠯᠠᠭᠠᠬᠤ ᠰᠢᠷᠢᠰ ᠠᠵᠢᠯᠯᠠᠭ᠎ᠠ᠃ ᠰᠢᠨᠵᠢᠯᠡᠬᠦ ᠤᠬᠠᠭᠠᠨ | ᠤ ᠵᠤᠷᠢᠭ ᠰᠠᠨᠠᠭ᠎ᠠ ᠶᠢ ᠪᠤᠶᠢᠵᠢᠭᠤᠯᠬᠤ ᠪᠠᠷ ᠭᠤᠤᠯ ᠬᠠᠷᠠᠯᠳᠠ ᠪᠤᠯᠭᠠᠵᠦ᠂ ᠬᠦᠳᠡᠯᠦᠯᠴᠡᠨ ᠪᠡᠶᠡᠴᠢᠯᠡᠨ | ᠤᠶᠢᠯᠠᠭᠠᠬᠤ ᠪᠠᠷ ᠭᠤᠤᠯ ᠠᠷᠭ᠎ᠠ ᠭᠡᠯᠪᠡᠷᠢ ᠪᠤᠯᠭᠠᠵᠦ᠂ ᠯᠦᠩ ᠯᠧ ᠬᠤᠤ ᠠᠺᠠᠳᠧᠮᠢᠴᠢ ᠶᠢᠨ ᠰᠠᠨᠰᠠᠷ ᠤᠨ ᠠᠶᠠᠯᠠᠯ | ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠮᠡᠳᠡᠬᠦᠯᠦᠯᠳᠠ᠂ ᠶᠡᠭᠡ ᠪᠠᠭ᠎ᠠ ᠭᠠᠷ ᠬᠤᠯᠪᠤᠯᠴᠠᠬᠤ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠮᠡᠳᠡᠬᠦᠯᠦᠯᠳᠠ᠂ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨ ᠢ ᠪᠡᠶᠡᠴᠢᠯᠡᠨ ᠤᠶᠢᠯᠠᠭᠠᠬᠤ᠂ ᠮᠠᠰᠢᠨ ᠬᠦᠮᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠡᠯᠦᠯᠴᠡᠭᠰᠡᠨ | ᠦᠵᠡᠬᠦᠯᠦᠯᠭᠡ ᠵᠡᠷᠭᠡ ᠠᠵᠢᠯᠯᠠᠭ᠎ᠠ ᠶᠢ ᠪᠠᠭᠳᠠᠭᠠᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠢᠶᠠᠷ ᠪᠠᠯᠠᠢ ᠮᠤᠩᠬᠠᠬ ᠢ | ᠠᠷᠢᠯᠭᠠᠬᠤ ᠰᠢᠷᠢᠰ ᠠᠵᠢᠯᠯᠠᠭ᠎ᠠ᠃ ᠡᠷᠡᠬᠦᠯ ᠡᠩᠬᠡ ᠳᠤᠮᠳᠠᠳᠤ ᠤᠯᠤᠰ᠂ ᠪᠤᠬᠢᠷᠳᠤᠯ ᠦᠬᠡᠢ ᠬᠦᠭᠵᠢᠯᠳᠡ᠂ ᠤᠷᠴᠢᠨ | ᠳᠤᠭᠤᠷᠢᠨ ᠤ ᠬᠠᠮᠠᠭᠠᠯᠠᠯᠳᠠ ᠵᠡᠷᠬᠡ ᠤᠯᠠᠨ ᠳᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠳ ᠢᠶᠠᠷ ᠭᠤᠤᠯᠳᠠᠯᠭ᠎ᠠ | ᠪᠤᠯᠭᠠᠵᠦ᠂ ᠴᠤᠤᠷᠬᠠᠯ ᠢ ᠨᠢᠴᠤᠭᠠᠬᠤ ᠦᠷᠳᠡᠭᠡ᠂ ᠪᠠᠯᠠᠢ ᠮᠤᠩᠬᠠᠬ ᠢ ᠠᠷᠢᠯᠭᠠᠬᠤ ᠦᠵᠡᠬᠦᠯᠦᠯᠬᠡ ᠵᠡᠷᠬᠡ | ᠠᠵᠢᠯᠯᠠᠭ᠎ᠠ ᠶᠢ ᠦᠷᠨᠢᠬᠦᠯᠦᠨ᠎ᠡ᠃ ᠭᠤᠷᠪᠠ ᠳᠤ᠂ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠦᠵᠡᠬᠦᠯᠦᠯᠬᠡ | ᠶᠢᠨ ᠰᠢᠷᠢᠰ ᠠᠵᠢᠯᠯᠠᠭ᠎ᠠ᠃ ᠰᠢᠨ᠎ᠡ ᠶᠢ ᠡᠬᠦᠳᠬᠦ ᠮᠠᠶ᠋ᠢᠬ ᠤᠨ ᠠᠵᠦ ᠠᠬᠤᠶᠢᠯᠠᠯ ᠤᠨ ᠪᠤᠳᠠᠳᠤ ᠪᠤᠳᠠᠰ ᠤᠨ | ᠦᠵᠡᠬᠦᠯᠦᠯᠬᠡ᠂ ᠤᠯᠠᠨ ᠵᠠᠭᠤᠴᠢᠯᠠᠭᠤᠷ ᠤᠨ ᠦᠵᠡᠬᠦᠯᠦᠯᠬᠡ᠂ ᠬᠦᠳᠦᠯᠦᠯᠴᠡᠨ ᠪᠡᠶᠡᠴᠢᠯᠡᠵᠦ ᠤᠶᠢᠯᠠᠭᠠᠬᠤ ᠵᠡᠷᠬᠡ | ᠠᠷᠭ᠎ᠠ ᠬᠡᠯᠪᠡᠷᠢ ᠪᠠᠷ ᠳᠠᠮᠵᠢᠨ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠦᠭᠰᠡᠨ ᠠᠴᠠ ᠨᠠᠰᠢᠬᠢ᠂ ᠰᠢᠨᠵᠢᠯᠡᠬᠦ ᠤᠬᠠᠭᠠᠨ ᠮᠡᠷᠬᠡᠵᠢᠯ ᠢᠶᠠᠷ ᠰᠢᠨ᠎ᠡ ᠶᠢ ᠡᠬᠦᠳᠬᠦ ᠨᠢ ᠬᠦᠭᠵᠢᠯᠳᠡ ᠳᠤ | ᠬᠦᠴᠦ ᠨᠡᠮᠡᠷᠢᠯᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠬᠰᠠᠨ ᠳᠠᠯ᠎ᠠ ᠪᠠᠷ ᠬᠢ ᠰᠢᠨ᠎ᠡ ᠠᠬᠢᠯᠳᠠ᠂ ᠰᠢᠨ᠎ᠡ | ᠦᠷ᠎ᠠ ᠪᠦᠳᠦᠮᠵᠢ ᠶᠢ ᠳᠦᠪᠯᠡᠷᠡᠩᠬᠦᠢ ᠳᠡᠯᠬᠡᠨ ᠦᠵᠡᠬᠦᠯᠦᠨ᠎ᠡ᠃ ᠳᠦᠷᠪᠡ ᠳᠤ᠂ ᠰᠢᠨᠵᠢᠯᠡᠬᠦ ᠤᠬᠠᠭᠠᠨ ᠤ ᠡᠯᠪᠡᠭ | ᠪᠠᠶᠠᠯᠢᠬ ᠴᠠᠬ ᠡᠷᠡᠨ᠃ ᠰᠢᠨᠵᠢᠯᠡᠬᠦ ᠤᠬᠠᠭ᠎ᠠ ᠮᠡᠷᠭᠡᠵᠢᠯ ᠢ ᠳᠦᠬᠡᠮᠡᠯᠵᠢᠬᠦᠯᠬᠦ ᠡᠳᠦᠷ ᠤᠨ ᠠᠵᠢᠯᠯᠠᠭᠠᠨ ᠤ ᠭᠤᠤᠯ | ᠰᠡᠳᠦᠪ ᠤᠨ ᠳᠤᠭᠤᠷᠢᠨ ᠳᠤ᠂ ᠠᠭᠤᠳᠠᠮ ᠳᠠᠯᠠᠪᠠᠢ ᠳᠠᠬᠢ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ | ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠳᠤᠮᠤ | ᠮᠤᠬᠤᠯᠠᠬ ᠳᠡᠷᠬᠡ᠂ ᠤᠷᠴᠢᠨ ᠳᠤᠭᠤᠷᠢᠨ ᠢ ᠬᠠᠶᠢᠨ ᠬᠡᠮᠵᠢᠬᠦ ᠳᠡᠷᠬᠡ᠂ ᠨᠡᠬᠦᠳᠡᠯ ᠰᠢᠨᠵᠢᠯᠡᠬᠦ ᠤᠬᠠᠭᠠᠨ ᠮᠡᠷᠬᠡᠵᠢᠯ ᠤᠨ | ᠤᠷᠳᠤᠨ ᠪᠤᠯᠤᠨ ᠡᠯ᠎ᠠ ᠳᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠰᠠᠮᠪᠠᠷ᠎ᠠ ᠶᠢᠨ | ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠮᠡᠳᠡᠯᠬᠡ ᠶᠢᠨ ᠠᠰᠠᠭᠤᠯᠳᠠ ᠬᠠᠷᠢᠭᠤᠯᠳᠠ᠂ | ᠵᠠᠯᠠᠭᠤᠴᠤᠳ ᠪᠠᠭᠠᠴᠤᠳ ᠤᠨ ᠳᠠᠭᠤᠤ ᠪᠦᠵᠢᠭ ᠤᠨ ᠳᠤᠬᠯᠠᠯᠳᠠ᠂ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨ ᠤ ᠪᠠᠶᠢᠴᠠᠭᠠᠯᠳᠠ ᠪᠡᠶᠡᠴᠢᠯᠡᠨ ᠤᠶᠢᠯᠠᠭᠠᠬᠤ ᠵᠡᠷᠬᠡ ᠠᠵᠢᠯᠯᠠᠭ᠎ᠠ ᠪᠠᠷ ᠳᠠᠮᠵᠢᠨ᠂ ᠰᠢᠨᠵᠢᠯᠡᠬᠦ ᠤᠬᠠᠭᠠᠨ | ᠬᠢᠬᠡᠳ ᠤᠷᠠᠯᠢᠬ᠂ ᠰᠤᠶᠤᠯ ᠢᠷᠬᠡᠨᠰᠢᠯ ᠤᠨ ᠤᠶᠠᠯᠳᠤᠯ ᠢ ᠳᠤᠪᠤᠶᠢᠯᠭᠠᠵᠦ᠂ ᠰᠢᠨᠵᠢᠯᠡᠬᠦ ᠤᠬᠠᠭᠠᠨ ᠮᠡᠷᠭᠡᠵᠢᠯ ᠢ | ᠳᠦᠬᠡᠮᠡᠯᠵᠢᠬᠦᠯᠬᠦ ᠠᠵᠢᠯᠯᠠᠭ᠎ᠠ ᠶᠢ ᠣᠯᠠᠨ ᠨᠡᠶᠢᠳᠡ ᠶᠢᠨ ᠠᠮᠢᠳᠤᠷᠠᠯ ᠯᠤᠭ᠎ᠠ ᠠᠭᠤᠰᠤᠯᠴᠠᠭᠤᠯᠤᠨᠡ᠃ ᠳᠠᠪᠤ ᠳᠤ᠂ | ᠰᠦᠯᠵᠢᠶᠡᠨ ᠳᠡᠭᠡᠷᠡᠬᠢ ᠠᠵᠢᠯᠯᠠᠭ᠎ᠠ᠃ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠪᠤᠭᠤᠮᠳᠠ | ᠰᠢᠪᠳᠤᠯᠬᠤ ᠳᠤᠬᠯᠠᠭᠠᠮ ᠬᠢᠬᠡᠳ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠡᠳᠦᠷ ᠤᠨ ᠡᠬᠢᠯᠡᠯᠳᠡ ᠶᠢᠨ | ᠶᠤᠰᠤᠯᠠᠯ ᠤᠨ ᠳᠤᠬᠠᠢ ᠶᠢᠨ ᠳᠠᠯᠠᠪᠠᠢ ᠶᠢᠨ ᠪᠠᠶᠢᠳᠠᠯ ᠢ ᠵᠢᠷᠬᠢᠶ᠎ᠠ ᠪᠠᠷ ᠰᠢᠭᠤᠳ ᠨᠡᠪᠳᠡᠷᠡᠬᠦᠯᠬᠦ ᠪᠠᠷ ᠳᠠᠮᠵᠢᠨ᠂ ᠪᠦᠬᠦ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠳᠦᠬᠡᠮᠡᠯᠵᠢᠬᠦᠯᠬᠦ ᠡᠳᠦᠷ ᠤᠨ ᠦᠳᠬᠡᠨ ᠵᠤᠵᠠᠭᠠᠨ ᠤᠷᠴᠢᠨ ᠢ | ᠡᠭᠦᠳᠦᠨ᠎ᠡ᠃ |