ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠤᠨ ᠪᠠᠶᠢᠭᠤᠯᠤᠯᠲᠠ ᠶᠢᠨ ᠳᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2017/9/19
      9 ᠳ᠋ᠤᠭᠡᠷ ᠰᠠᠷ᠎ᠠ ᠶᠢᠨ 18᠎ ᠤ ᠡᠳᠦᠷ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠤᠨ ᠪᠠᠶᠢᠭᠤᠯᠤᠯᠲᠠ ᠶᠢᠨ ᠳᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠤᠨ ᠪᠠᠶᠢᠭᠤᠯᠤᠯᠲᠠ ᠶᠢᠨ ᠳᠤᠬᠠᠢ ᠬᠠᠮᠢᠶ᠎ᠠ ᠪᠦᠬᠦᠢ ᠠᠰᠠᠭᠤᠳᠠᠯ ᠢ ᠳᠠᠨᠢᠯᠴᠠᠭᠤᠯᠤᠭᠰᠠᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠤᠶᠢᠯᠠᠭᠠᠭᠰᠠᠨ ᠢᠶᠠᠷ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠨᠢ 2016 ᠤᠨ ᠤ 12 ᠳ᠋ᠤᠭᠠᠷ ᠰᠠᠷ᠎ᠠ ᠳᠤ ᠵᠢᠩᠬᠢᠨᠢ ᠪᠠᠷ ᠠᠰᠢᠬᠯᠠᠯᠳᠠ ᠳᠤ ᠤᠷᠤᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠲᠠᠢ ᠬᠤᠯᠪᠤᠭᠳᠠᠭᠰᠠᠨ ᠮᠡᠳᠡᠭᠡ ᠵᠠᠩᠬᠢ ᠶᠢ ᠢᠯᠡ ᠨᠡᠶᠢᠲᠡᠯᠡᠬᠦ ᠬᠠᠮᠤᠭ ᠤᠨ ᠴᠢᠬᠤᠯᠠ ᠳᠠᠪᠴᠠᠩ ᠪᠤᠯᠤᠭᠰᠠᠨ ᠪᠠᠶᠢᠨ᠎ᠠ᠃ ᠪᠦᠷᠢᠳᠭᠡᠯ ᠢᠶᠠᠷ᠂ ᠡᠨᠡ ᠵᠢᠯ ᠤᠨ 9 ᠳ᠋ᠤᠭᠡᠷ ᠰᠠᠷ᠎ᠠ ᠪᠤᠯᠳᠠᠯ᠎ᠠ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠢ ᠠᠰᠠᠭᠤᠨ ᠰᠤᠷᠠᠭᠰᠠᠨ ᠬᠡᠮᠵᠢᠶ᠎ᠠ ᠨᠢ 1.99 ᠳ᠋ᠦᠩᠰᠢᠭᠤᠷ ᠤᠳᠠᠭ᠎ᠠ ᠳᠤ ᠬᠦᠷᠴᠦ᠂ ᠡᠳᠦᠷ ᠳᠤᠮᠳᠠᠴᠢ ᠪᠠᠷ 30 ᠲᠦᠮᠨ ᠭᠠᠷᠤᠢ ᠤᠳᠠᠭ᠎ᠠ ᠠᠰᠠᠭᠤᠨ ᠰᠤᠷᠠᠵᠤ᠂ ᠮᠠᠨ ᠤ ᠤᠷᠤᠨ ᠤ ᠤᠯᠠᠨ ᠳᠤ ᠮᠡᠳᠡᠷᠡᠭᠳᠡᠭᠰᠡᠨ ᠬᠡᠮᠵᠢᠶ᠎ᠠ ᠬᠠᠮᠤᠭ ᠤᠨ ᠦᠨᠳᠦᠷ᠂ ᠮᠡᠳᠡᠭᠡ ᠵᠠᠩᠬᠢ ᠶᠢᠨ ᠬᠡᠮᠵᠢᠶ᠎ᠠ ᠬᠠᠮᠤᠭ ᠤᠨ ᠶᠡᠭᠡ᠂ ᠬᠡᠷᠡᠭᠯᠡᠭᠡᠨ ᠤ ᠨᠤᠷᠮ᠎ᠠ ᠬᠠᠮᠤᠭ ᠤᠨ ᠦᠨᠳᠦᠷ ᠪᠠᠶᠢᠭ᠎ᠠ ᠠᠵᠤ ᠠᠬᠤᠶᠢᠯᠠᠯ ᠳᠤ ᠬᠤᠯᠪᠤᠭᠳᠠᠭᠰᠠᠨ ᠮᠡᠳᠡᠭᠡ ᠵᠠᠩᠬᠢ ᠶᠢᠨ ᠳᠠᠪᠴᠠᠩ ᠪᠤᠯᠪᠠ᠃      ᠤᠳᠤᠬᠠᠨ ᠪᠤᠯᠳᠠᠯ᠎ᠠ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ︵ᠦᠪᠦᠷ ᠮᠤᠩᠭᠤᠯ︶᠎ ᠳᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠭᠠᠳᠠᠨ᠎ᠠ᠂ ᠪᠦᠬᠦ ᠤᠷᠤᠨ ᠤ ᠵᠠᠰᠠᠭ ᠤᠨ ᠤᠷᠳᠤᠨ ᠤ 1601 ᠰᠠᠯᠠᠭ᠎ᠠ ᠮᠦᠴᠢᠷ ᠠᠴᠠ ᠵᠠᠰᠠᠬ ᠵᠠᠬᠢᠷᠭᠠᠨ ᠤ ᠵᠦᠪᠰᠢᠶᠡᠷᠡᠯ ᠪᠠ ᠵᠠᠰᠠᠬ ᠵᠠᠬᠢᠷᠭᠠᠨ ᠤ ᠳᠤᠷᠭᠠᠭᠤᠯᠢ ᠶᠢᠨ ᠮᠡᠳᠡᠭᠡ ᠵᠠᠩᠬᠢ ᠶᠢ 42.34 ᠲᠦᠮᠡᠨ ᠵᠤᠷᠪᠤᠰ᠂ ᠬᠠᠤᠯᠢ ᠴᠠᠭᠠᠵᠠ ᠶᠢᠨ ᠴᠡᠪᠳᠡᠭᠯᠡᠭᠰᠡᠨ ᠮᠡᠳᠡᠭᠡ ᠵᠠᠩᠬᠢ ᠶᠢ 1130 ᠵᠤᠷᠪᠤᠰ ᠢᠯᠡ ᠨᠡᠶᠢᠲᠡᠯᠡᠵᠤ᠂ 1.25 ᠲᠦᠮᠡᠨ ︽ᠯᠠᠶᠢᠮᠤᠷᠴᠢ︾᠎ ᠶᠢ ᠠᠵᠤ ᠠᠬᠤᠶᠢᠯᠠᠯ ᠤᠨ ᠳᠡᠭᠡᠳᠤ ᠳᠡᠰ ᠤᠨ ᠳᠤᠰᠢᠶᠠᠯᠳᠠᠨ ᠪᠤᠯᠬᠤ ᠶᠢ ᠬᠢᠵᠠᠭᠠᠷᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号