ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/19
     9 ᠳ᠋ᠦ᠋ᠭᠡᠷ ᠰᠠᠷ᠎ᠠ ᠶᠢᠨ 18 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠶᠢᠨ ᠳᠤᠭᠳᠠᠭᠠᠯ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ᠂ ᠶᠡᠷᠦᠩᠬᠡᠢ ᠰᠠᠶᠢᠢᠳ ᠯᠢ ᠺᠧ ᠴᠢᠶᠠᠩ ᠵᠡᠷᠭᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠴᠣᠬᠤᠯᠠᠪᠣᠷᠢ ᠨᠢ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠬᠤ᠂ ᠦᠷᠢ ᠦᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ  ᠰᠡᠷᠭᠡᠶᠢᠯᠡᠬᠦ ᠵᠡᠷᠭᠡ ᠳᠤ ᠳᠤᠳᠤᠷᠬᠠᠢ ᠱᠠᠭᠠᠷᠳᠠᠯᠭ᠎ᠠ ᠲᠤᠷᠠᠳᠴᠠᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ᠰᠢᠨ᠎ᠡ ᠬᠦᠭᠵᠢᠯᠳᠡ ᠶᠢᠨ ᠤᠨᠤᠯᠵᠢᠬᠤᠨ ᠪᠣᠯᠣᠨ ᠵᠦᠪ ᠤᠯᠤᠰ ᠲᠦᠷᠦ ᠶᠢᠨ ᠬᠢᠷᠢ ᠪᠦᠳᠦᠮᠵᠢ ᠶᠢᠨ ᠦᠵᠡᠯᠳᠡ ᠶᠢ ᠪᠠᠳᠣ ᠪᠠᠬᠢ ᠪᠣᠢ ᠪᠣᠯᠭᠠᠵᠣ᠂ ᠬᠠᠤᠯᠢ ᠶᠤᠰᠤᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠳᠣᠭᠳᠠᠭᠠᠵᠣ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠡᠯ᠎ᠡ ᠪᠤᠭᠤᠮᠳᠠ ᠶᠢ ᠴᠢᠩᠭ᠎ᠠ ᠰᠠᠬᠢᠵᠣ᠂ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠨᠡᠩ ᠡᠷᠡᠰ ᠪᠠᠳᠣ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠳ᠋  ᠤᠨ ᠵᠠᠰᠠᠭ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠳᠣᠬᠠᠢ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠰᠲ᠋ᠧᠮᠲᠦ ᠴᠢᠨᠠᠷᠳᠠᠢ ᠮᠦᠩᠭᠦᠨ ᠬᠦᠢᠯᠭᠡᠭᠡᠨ ᠤ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠣᠭᠤᠮ ᠢ ᠪᠠᠳᠤ ᠰᠠᠬᠢᠬᠤ ᠬᠡᠷᠡᠭᠳᠠᠢ ᠭᠡᠵᠦ ᠵᠢᠭᠠᠵᠣ ᠭᠠᠷᠭᠠᠪᠠ᠃      ᠬᠤᠷᠠᠯ ᠠᠴᠠ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠬᠤ ᠪᠤᠯ ᠡᠳ᠋  ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠨᠢᠬᠡᠳᠦᠯᠳᠠᠢ ᠲᠦᠯᠦᠪᠵᠢᠭᠦᠯᠦᠨ ᠨᠡᠶᠢᠲᠡ ᠳᠤᠨᠢ ᠬᠠᠷᠠᠭᠠᠯᠵᠠᠬᠤ᠂ ᠡᠷᠭᠡ ᠬᠠᠷᠢᠭᠤᠴᠠᠯᠭ᠎ᠠ ᠶᠢ ᠨᠢᠭᠡᠳᠦᠯᠳᠠᠢ ᠪᠠᠶᠢᠯᠭᠠᠬᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠤᠷᠢᠭ᠎ᠠ ᠱᠣᠭᠤᠮ ᠤᠨ ᠰᠡᠳᠬᠢᠬᠦᠢ ᠶᠢᠨ ᠵᠠᠷᠴᠢᠮ ᠢ ᠪᠠᠷᠢᠮᠳᠠᠯᠠᠬᠤ᠂ ᠤᠯᠠᠨ ᠠᠷᠭ᠎ᠠ ᠶᠢ ᠵᠡᠷᠭᠡᠪᠡᠷ ᠬᠡᠷᠡᠭᠯᠡᠬᠦ᠂ ᠰᠢᠨ᠎ᠡ ᠦᠷᠢ ᠶᠢ ᠡᠷᠡᠰ ᠬᠢᠵᠠᠭᠠᠷᠯᠠᠬᠤ᠂ ᠬᠠᠭᠤᠴᠢᠨ ᠦᠷᠢ ᠶᠢ ᠪᠠᠶᠢᠴᠠᠭᠠᠨ ᠳᠣᠳᠣᠯᠠᠬᠤ᠂ ᠬᠠᠷᠢᠭᠤᠴᠠᠯᠭ᠎ᠠ ᠶᠢ ᠲᠤᠳᠤᠷᠬᠠᠶᠢᠯᠠᠬᠤ᠂ ᠲᠦᠷᠦᠯ ᠬᠤᠪᠢᠶᠠᠨ ᠰᠢᠢᠳᠪᠦᠷᠢᠯᠡᠬᠦ᠂ ᠠᠯᠬᠤᠮ ᠠᠯᠬᠤᠮ ᠢᠶᠠᠷ ᠨᠠᠮᠳᠠᠭᠤᠯᠬᠤ ᠠᠵᠢᠯ ᠤᠨ ᠰᠡᠳᠬᠢᠴᠡ ᠶᠣᠰᠣᠭᠠᠷ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠬᠠᠳᠠᠭᠠᠯᠠᠭᠳᠠᠵᠤ ᠪᠠᠶᠢᠭ᠎ᠠ ᠦᠷᠢ ᠦᠭᠴᠡᠭᠡ ᠶᠢ ᠡᠮᠬᠢ ᠵᠢᠷᠣᠮ ᠲᠠᠢ ᠠᠯᠬᠤᠮ ᠳᠠᠷᠠᠭ᠎ᠠ ᠲᠠᠢ ᠰᠢᠢᠳᠪᠦᠷᠢᠯᠡᠵᠤ᠂ ᠵᠠᠰᠠᠭ ᠤᠨ ᠣᠷᠳᠣᠨ ᠤ ᠦᠷᠢᠳᠡᠬᠦ ᠠᠵᠢᠯᠯᠠᠭ᠎ᠠ ᠶᠢ ᠪᠦᠬᠦ ᠳᠠᠯ᠎ᠠ ᠪᠠᠷ ᠵᠢᠷᠣᠮᠵᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ ᠳᠣᠯᠭᠠᠵᠣ᠂ ᠬᠠᠤᠯᠢ ᠳᠤᠭᠳᠠᠭᠠᠯ ᠠᠴᠠ ᠵᠦᠷᠢᠴᠡᠨ ᠦᠷᠢᠲᠡᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠳᠠᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠨᠢ ᠬᠦᠳᠦᠯᠦᠨ ᠳᠠᠭᠠᠭᠤᠯᠵᠣ ᠳᠠᠶᠢᠴᠢᠯᠠᠬᠤ ᠦᠢᠯᠡᠳᠦᠯ ᠲᠠᠢ᠂ ᠳᠡᠷᠡ ᠨᠢ ᠪᠦᠳᠦᠮᠵᠢᠳᠡᠢ ᠪᠡᠯᠡ ᠤᠷᠤᠭᠤᠯᠤᠯᠳᠠ ᠶᠢ ᠦᠷᠭᠡᠳᠭᠡᠬᠦ᠂ ᠬᠦᠭᠵᠢᠯᠳᠡ ᠶᠢᠨ ᠳᠣᠳᠠᠭᠤᠳᠠᠯ ᠢ ᠨᠦᠬᠦᠪᠦᠷᠢᠯᠡᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠬᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠤᠳᠤᠬᠠᠨ ᠤ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠬᠠᠮᠢᠶᠠᠷᠤᠯᠳᠠ ᠳᠤ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠤᠷᠳᠤᠨ ᠤ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠶᠢ ᠴᠢᠨᠠᠭᠰᠢᠳᠠ ᠲᠤᠳᠤᠷᠬᠠᠶᠢᠯᠠᠵᠤ᠂ ᠰᠢᠨᠵᠢᠯᠡᠬᠦ ᠤᠬᠠᠭᠠᠨᠴᠢ ᠰᠢᠢᠳᠪᠦᠷᠢᠳᠦ ᠪᠣᠳᠣᠯᠭ᠎ᠠ ᠳᠣᠭᠳᠠᠭᠠᠬᠤ ᠲᠤᠭᠳᠠᠴᠠ ᠶᠢ ᠪᠠᠶᠢᠭᠤᠯᠤᠨ ᠳᠡᠭᠦᠯᠳᠡᠷᠵᠢᠭᠦᠯᠵᠤ᠂ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠪᠡᠯᠡ ᠤᠷᠤᠭᠤᠯᠤᠯᠳᠠ ᠶᠢᠨ ᠲᠦᠰᠦᠪ ᠪᠠ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠳᠠ ᠶᠢ ᠴᠢᠩᠳᠠᠯᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠣ᠂ ᠵᠠᠰᠠᠭ  ᠤᠨ ᠤᠷᠳᠤᠨ ᠤ ᠪᠡᠯᠡ ᠤᠷᠤᠭᠤᠯᠤᠯᠳᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠳᠡᠢ᠃ ᠪᠤᠳᠠᠳᠠᠢ ᠠᠴᠠ ᠡᠭᠦᠰᠭᠦ ᠶᠢ ᠪᠠᠷᠢᠮᠳᠠᠯᠠᠨ ᠪᠤᠰᠤᠳᠴᠢ ᠵᠢᠮ᠎ᠡ ᠶᠤᠰᠤ ᠶᠢ ᠬᠦᠨᠳᠦᠳᠭᠡᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠶᠢᠵᠠᠮ ᠪᠠ ᠬᠡᠪᠴᠢᠶ᠎ᠡ ᠶᠢ ᠵᠤᠬᠢᠰᠳᠠᠢ ᠡᠵᠡᠮᠳᠡᠵᠦ᠂ ᠡᠳ᠋ ᠤᠨ ᠵᠠᠰᠠᠭ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠳᠠᠢ ᠭᠡᠵᠦ ᠵᠢᠭᠠᠵᠣ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号