ᠬᠢᠩᠭᠠᠨ ᠠᠶᠢᠮᠠᠭ ᠤᠨ ᠡᠳ᠋ ᠤᠨ ᠵᠠᠰᠠᠭ 2017 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠤᠰᠠᠯᠠᠮᠵᠢ ᠶᠢᠨ ᠪᠡᠯᠡ ᠮᠥᠩᠭᠦ 802 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2017/9/20
     ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠡᠯ᠎ᠡ ᠵᠦᠢᠯ ᠤᠨ ᠠᠵᠤ ᠠᠮᠢᠳᠤᠷᠠᠯ ᠤᠨ ᠨᠥᠬᠦᠪᠥᠷᠢ ᠣᠯᠭᠤᠬᠤ ᠬᠠᠷᠠᠭᠠᠯᠵᠠᠯ ᠢ ᠤᠯᠠᠮ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠢ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠣᠯᠭᠤᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ ᠬᠢᠩᠭᠠᠨ ᠠᠶᠢᠮᠠᠭ ᠤᠨ ᠡᠳ᠋ ᠤᠨ ᠵᠠᠰᠠᠭ 2017 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠤᠰᠠᠯᠠᠮᠵᠢ ᠶᠢᠨ ᠪᠡᠯᠡ ᠮᠥᠩᠭᠦ 802 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠤᠰᠬᠠᠶ ᠬᠡᠷᠡᠭᠯᠡᠬᠦ ᠠᠮᠢᠳᠤᠷᠠᠯ ᠤᠨ ᠨᠥᠬᠦᠪᠥᠷᠢ 512.40 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ 276 ᠲᠦᠮᠡᠨ ᠲᠥᠭᠦᠷᠢᠭ᠂ ᠨᠢᠭᠡ ᠯᠡ ᠤᠳᠠᠭ᠎ᠠ ᠣᠯᠭᠤᠬᠤ ᠭᠡᠷ ᠡᠷᠦᠭᠡ ᠲᠥᠪᠬᠢᠨᠡᠭᠦᠯᠬᠦ ᠵᠠᠷᠤᠳᠠᠯ 9.6 ᠲᠦᠮᠡᠨ ᠲᠥᠭᠦᠷᠢᠭ᠂ ᠪᠡᠶ᠎ᠡ ᠪᠠᠶᠢᠴᠠᠭᠠᠬᠤ ᠵᠠᠷᠤᠳᠠᠯ 4 ᠲᠦᠮᠡᠨ ᠲᠥᠭᠦᠷᠢᠭ ᠪᠠᠶᠢᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠭᠡᠳᠡᠭ ᠪᠣᠯ ᠤᠯᠤᠰ ᠠᠴᠠ ᠢᠯᠡ ᠪᠠᠷ ᠡᠯᠰᠡᠬᠦ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠦᠨ ᠰᠢᠯᠭᠠᠭᠤᠯᠬᠤ᠂ ᠵᠣᠬᠢᠶᠠᠨ ᠪᠠᠶᠢᠭᠤᠯᠤᠠ ᠰᠣᠩᠭᠤᠬᠤ᠂ ᠨᠢᠭᠡᠳᠦᠯᠲᠡᠶ ᠲᠣᠮᠢᠯᠠᠬᠤ ᠠᠷᠭ᠎ᠠ ᠪᠠᠷ᠂ ᠵᠢᠯ ᠪᠦᠷᠢ ᠵᠣᠬᠢᠬᠤ ᠲᠣᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠬᠢᠶᠠᠨ ᠪᠠᠶᠢᠭᠤᠯᠵᠤ ᠪᠠᠶᠢᠭᠠᠳ ᠦᠨᠳᠦᠰᠦᠨ ᠱᠠᠲᠤᠨ ᠳᠤ ᠣᠴᠢᠭᠤᠯᠵᠤ ᠭᠤᠣᠯᠳᠠᠭᠤ ᠰᠤᠷᠭᠠᠨ ᠬᠥᠮᠦᠵᠢᠯ᠂ ᠲᠠᠷᠢᠶᠠᠯᠠᠩ᠂ ᠡᠮ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ᠵᠡᠷᠭᠡ ᠠᠵᠢᠯ ᠳᠤ ᠣᠷᠤᠯᠴᠠᠭᠤᠯᠬᠤ ᠶᠢ ᠵᠢᠭᠠᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号