9 ᠳ᠋ᠤᠭᠡᠷ ᠰᠠᠷ᠎ᠠ ᠶᠢᠨ 20 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ | ᠤᠷᠤᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭᠵᠢᠬᠦᠯᠦᠨ ᠮᠠᠨᠳᠣᠭᠤᠯᠬᠤ ᠤᠳᠤᠷᠢᠳᠬᠤ | ᠳᠣᠭᠤᠶᠢᠯᠠᠩ ᠤᠨ ᠳᠠᠷᠤᠭ᠎ᠠ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠤᠷᠤᠨ ᠵᠡᠷᠭᠡ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭᠵᠢᠬᠦᠯᠤᠨ ᠮᠠᠨᠳᠣᠭᠤᠯᠬᠤ ᠤᠳᠤᠷᠢᠳᠬᠤ ᠳᠣᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ ᠳᠡᠷᠡ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠳᠤ ᠪᠠᠬᠢ ᠪᠤᠢ | ᠪᠤᠯᠭᠠᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠣ᠂ ᠶᠡᠭᠡ | ᠬᠦᠴᠦᠨ ᠢᠶᠠᠷ ᠦᠭᠡᠷᠡᠴᠢᠯᠡᠯᠳᠡ ᠬᠢᠵᠤ ᠰᠢᠨ᠎ᠡ ᠶᠢ ᠡᠭᠦᠳᠦᠨ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ | ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠤ ᠤᠷᠤᠨ ᠵᠡᠷᠭᠡ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠦᠭᠵᠢᠬᠦᠯᠦᠨ ᠮᠠᠨᠳᠣᠭᠤᠯᠬᠤ ᠤᠳᠤᠷᠢᠳᠬᠤ ᠳᠣᠭᠤᠶᠢᠯᠠᠩ ᠤᠨ | ᠳᠡᠳ᠋ ᠳᠠᠷᠤᠭ᠎ᠠ ᠵᠠᠩ ᠵᠢᠶᠠᠨ ᠮᠢᠨ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠳᠠᠯᠪᠢᠪᠠ᠃ ᠬᠤᠷᠠᠯ ᠠᠴᠠ ᠮᠠᠨ ᠤ | ᠤᠷᠤᠨ ᠤ ᠵᠡᠭᠦᠨ ᠬᠤᠶᠢᠳᠦ ᠣᠷᠣᠨ ᠵᠡᠷᠭᠡ ᠬᠠᠭᠤᠴᠢᠨ ᠠᠵᠣ ᠦᠢᠯᠡᠳᠪᠦᠷᠢ ᠶᠢᠨ ᠰᠠᠭᠤᠷᠢᠨ ᠢ ᠬᠦᠭᠵᠢᠬᠦᠯᠤᠨ | ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠴᠤ᠂ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠪᠠ᠃ ᠤᠳᠤᠷᠢᠳᠬᠤ | ᠳᠣᠭᠤᠶᠢᠯᠠᠩ ᠤᠨ ᠠᠯᠪᠠᠨ ᠬᠡᠷ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ | ᠵᠡᠭᠦᠨ ᠬᠡᠰᠡᠭ ᠤᠨ ᠠᠶᠢᠮᠠᠭ ᠬᠤᠳᠠ ᠶᠢᠨ ᠬᠠᠷᠢᠭᠤᠴᠠᠯᠭᠠᠳᠠᠨ ᠨᠦᠬᠦᠳ ᠲᠤᠰ ᠳᠣᠰ ᠦᠭᠡ ᠬᠡᠯᠡᠪᠡ᠃ | ᠬᠤᠷᠠᠯ ᠠᠴᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠡᠭᠦᠨ ᠬᠤᠶᠢᠳᠣ ᠣᠷᠣᠨ | ᠵᠡᠷᠭᠡ ᠬᠠᠭᠤᠴᠢᠨ ᠠᠵᠣ ᠦᠢᠯᠡᠳᠪᠦᠷᠢ ᠶᠢᠨ ᠰᠠᠭᠤᠷᠢᠨ ᠤ ᠬᠦᠭᠵᠢᠨ ᠮᠠᠨᠳᠣᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠷᠢᠳ ᠬᠤᠵᠢᠳ ᠠᠯᠢ ᠣᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠣᠭᠳᠠᠭᠠᠨ | ᠨᠡᠶᠢᠳᠡᠯᠡᠪᠠ᠂ ᠦᠪᠡᠷᠳᠡᠭᠡᠨ ᠵᠠᠰᠠᠬᠤ ᠤᠷᠤᠨ ᠴᠦ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ | ᠳᠡᠮᠵᠢᠬᠦ ᠢᠵᠢ ᠪᠦᠷᠢᠳᠦᠬᠦᠯᠦᠭᠰᠡᠨ ᠲᠦᠷᠦ ᠶᠢᠨ ᠪᠤᠳᠤᠯᠭ᠎ᠠ ᠶᠢ ᠳᠣᠭᠳᠠᠭᠠᠵᠠᠢ᠂ ᠡᠳᠡᠭᠡᠷ ᠲᠦᠷᠦ ᠶᠢᠨ ᠪᠤᠳᠤᠯᠭ᠎ᠠ ᠶᠢ | ᠰᠠᠶᠢᠳᠤᠷ ᠠᠰᠢᠭᠯᠠᠵᠤ ᠰᠠᠶᠢᠳᠤᠷ ᠬᠡᠷᠡᠭᠵᠢᠭᠦᠯᠬᠦ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ | ᠠᠬᠢᠭᠤᠯᠬᠤ ᠶᠢᠨ ᠵᠠᠩᠬᠢᠯᠠᠭ᠎ᠠ ᠪᠣᠯᠣᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠵᠡᠭᠦᠨ ᠬᠡᠰᠡᠭ ᠤᠨ ᠠᠶᠢᠮᠠᠭ | ᠬᠤᠳᠠ ᠲᠦᠪ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠳᠠᠢ ᠡᠵᠡᠮᠰᠢᠵᠦ᠂ ᠵᠡᠭᠦᠨ ᠬᠡᠰᠡᠭ ᠤᠨ | ᠠᠶᠢᠮᠠᠭ ᠬᠤᠳᠠ ᠶᠢᠨ ᠬᠦᠭᠵᠢᠯᠳᠡ ᠶᠢ ᠲᠦᠷᠭᠡᠳᠭᠡᠬᠦ ᠪᠠ ᠤᠯᠤᠰ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ | ᠤᠶᠠᠯᠳᠤᠯ ᠴᠡᠭ ᠢ ᠡᠷᠢᠨ ᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠣᠭᠰᠠᠨ ᠪᠠᠶᠢᠳᠠᠯ ᠢ ᠪᠦᠬᠦ | ᠳᠠᠯ᠎ᠠ ᠪᠠᠷ ᠡᠮᠬᠢᠯᠡᠵᠦ᠂ ᠤᠯᠤᠰ ᠤᠨ ᠳᠡᠮᠵᠢᠯᠭᠡ ᠶᠢ ᠴᠢᠨᠠᠭᠰᠢᠳᠠ ᠴᠢᠷᠮᠠᠶᠢᠨ ᠤᠯᠵᠤ᠂ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠦᠭᠡᠷᠡᠴᠢᠯᠡᠯᠳᠡ ᠶᠢ ᠪᠦᠬᠦ | ᠳᠠᠯ᠎ᠠ ᠪᠠᠷ ᠬᠦᠨᠵᠡᠭᠡᠶᠢᠷᠡᠭᠦᠯᠵᠤ᠂ ᠪᠠᠶᠢᠭᠤᠯᠤᠮᠵᠢ ᠳᠣᠭᠳᠠᠴᠠ ᠪᠠᠨ ᠳᠡᠭᠦᠯᠳᠡᠷᠵᠢᠭᠦᠯᠤᠨ᠂ ᠵᠠᠰᠠᠭ ᠤᠨ ᠤᠷᠳᠤᠨ ᠤ | ᠳᠣᠰ ᠪᠡᠶ᠎ᠡ ᠶᠢᠨ ᠦᠭᠡᠷᠡᠴᠢᠯᠡᠯᠳᠡ ᠠᠴᠠ ᠡᠬᠢᠯᠡᠨ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠠᠰᠢᠭ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠤ | ᠳᠠᠯ᠎ᠠ ᠪᠠᠷ ᠰᠢᠨ᠎ᠡ ᠳᠠᠪᠠᠭᠤᠯᠢᠭ ᠢ ᠪᠤᠶᠢᠵᠢᠭᠤᠯᠵᠤ ᠪᠦᠷᠢᠯᠳᠦᠬᠦᠯᠬᠦ ᠪᠠᠷ ᠴᠢᠷᠮᠠᠶᠢᠬᠤ ᠬᠡᠷᠡᠭᠳᠠᠢ ᠭᠡᠵᠦ ᠵᠢᠭᠠᠵᠣ | ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠣᠣᠱᠯᠠᠭᠤᠯᠵᠣ᠂ ︽ᠳᠠᠪᠤ ᠶᠢ ᠤᠶᠠᠯᠳᠤᠭᠤᠯᠬᠤ︾ ᠱᠠᠭᠠᠷᠳᠠᠯᠭ᠎ᠠ | ᠶᠤᠰᠤᠭᠠᠷ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠲᠦᠷᠭᠡᠳᠭᠡᠨ ᠬᠤᠪᠢᠷᠠᠭᠤᠯᠵᠣ᠂ ᠬᠠᠩᠭᠠᠯᠭ᠎ᠠ ᠶᠢᠨ | ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠦ᠂ ᠬᠦᠭᠵᠢᠯᠳᠡ ᠶᠢᠨ | ᠵᠤᠭᠰᠤᠴᠠ ᠪᠠᠨ ᠶᠠᠰᠣ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠦᠨᠡᠨᠬᠦ ᠰᠢᠯᠵᠢᠭᠦᠯᠬᠦ ᠬᠡᠷᠡᠭᠳᠠᠢ᠃ | ︽ᠬᠦᠬᠡᠮᠳᠦᠭ ᠨᠣᠭᠤᠭᠠᠨ ᠠᠭᠤᠯᠠ ᠤᠰᠤ ᠪᠤᠯ ᠳᠠᠷᠣᠢ ᠠᠯᠳᠠ ᠮᠦᠩᠬᠦᠨ ᠠᠭᠤᠯᠠ︾ ᠬᠡᠰᠡᠨ ᠦᠵᠡᠯ ᠰᠠᠨᠠᠭ᠎ᠠ ᠶᠢ | ᠪᠠᠳᠦ ᠪᠠᠬᠢ ᠪᠤᠢ ᠪᠤᠯᠭᠠᠵᠣ᠂ ᠪᠤᠬᠢᠷᠳᠣᠯ ᠦᠭᠡᠢ ᠬᠦᠭᠵᠢᠯᠳᠡ ᠶᠢᠨ ᠣᠨᠣᠯᠵᠢᠬᠤᠨ ᠢ ᠡᠯ᠎ᠡ ᠳᠠᠯ᠎ᠠ ᠶᠢᠨ ᠠᠵᠢᠯ | ᠳᠤᠮᠳᠠ ᠪᠠᠨ ᠨᠠᠶᠢᠳᠠᠪᠤᠷᠢᠵᠢᠭᠤᠯᠵᠤ᠂ ᠪᠤᠬᠢᠷᠳᠣᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠪᠣᠯᠣᠨ ᠠᠮᠢᠳᠤᠷᠠᠯ ᠤᠨ | ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ | ᠢᠨᠵᠧᠨᠧᠷᠢᠩ ᠪᠠ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠣ᠂ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ | ᠦᠨᠡᠨᠬᠦ ᠡᠭᠦᠷᠭᠡᠯᠡᠬᠦ ᠬᠡᠷᠡᠭᠳᠠᠢ᠃ ᠵᠡᠭᠦᠨ ᠬᠡᠰᠡᠭ ᠤᠨ ᠠᠶᠢᠮᠠᠭ ᠬᠤᠳᠠ ᠤᠷᠤᠨ ᠪᠠᠶᠢᠷᠢ ᠶᠢᠨ ᠳᠠᠪᠠᠭᠤᠯᠢᠭ ᠪᠣᠯᠣᠨ | ᠬᠦᠳᠦᠯᠦᠨ ᠳᠠᠭᠠᠭᠤᠯᠵᠣ ᠵᠢᠱᠢᠶ᠎ᠡ ᠦᠵᠡᠭᠦᠯᠬᠦ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠴᠢᠩᠭ᠎ᠠ ᠳᠣᠯᠭᠠᠮ᠎ᠠ | ᠨᠡᠭᠡᠭᠡᠯᠳᠡᠳᠦ ᠬᠦᠭᠵᠢᠯᠳᠡ ᠶᠢᠨ ᠤᠬᠠᠮᠰᠠᠷ ᠢ ᠪᠤᠢ ᠪᠤᠯᠭᠠᠵᠣ᠂ ᠨᠡᠭᠡᠭᠡᠯᠳᠡ ᠶᠢᠨ ᠰᠢᠰᠲ᠋ᠧᠮᠲᠤ ᠴᠢᠨᠠᠷ᠂ ᠴᠢᠭᠯᠡᠭᠦᠯᠦᠯᠳᠦ | ᠴᠢᠨᠠᠷ ᠢᠶᠠᠨ ᠴᠢᠩᠭᠠᠳᠬᠠᠨ ᠤᠷᠤᠰ ᠮᠤᠩᠭᠤᠯ ᠯᠤᠭ᠎ᠠ ᠬᠠᠮᠳᠣᠷᠠᠨ ᠠᠵᠢᠯᠯᠠᠬᠤ ᠲᠤᠭᠳᠠᠴᠠ ᠶᠢᠨ ᠲᠠᠯ᠎ᠠ ᠪᠠᠷ | ᠴᠢᠨᠠᠭᠰᠢᠳᠠ ᠰᠢᠨ᠎ᠡ ᠶᠢ ᠡᠭᠦᠳᠴᠦ᠂ ᠬᠠᠷᠠᠮᠦ᠋ᠷᠡᠨ ᠬᠢᠷᠢᠨ ᠯᠢᠶᠤᠤᠨᠢᠩ᠂ ᠪᠡᠭᠡᠵᠢᠩ ᠲᠢᠶᠠᠨᠵᠢᠨ ᠡᡁᠧᠪᠸᠢ ᠵᠡᠷᠭᠡ | ᠮᠤᠵᠢ ᠬᠤᠳᠠ ᠯᠤᠭ᠎ᠠ ᠶᠢᠨ ᠣᠷᠣᠨ ᠪᠦᠰᠡ ᠶᠢᠨ ᠬᠠᠮᠳᠣᠷᠠᠯᠴᠠᠭ᠎ᠠ ᠪᠠᠨ ᠴᠢᠩᠭᠠᠳᠬᠠᠨ᠂ ᠣᠯᠣᠰ ᠤᠨ ᠲᠤᠳᠤᠭᠠᠳᠤ | ᠭᠠᠳᠠᠭᠠᠳᠤ ᠳᠤ ᠨᠡᠭᠡᠭᠡᠯᠳᠡ ᠬᠢᠬᠦ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠵᠡᠭᠦᠨ ᠬᠡᠰᠡᠭ ᠤᠨ ᠠᠶᠢᠮᠠᠭ ᠬᠤᠳᠠ ᠳᠤ ᠶᠠᠳᠠᠭᠤ ᠬᠦᠴᠢᠷᠳᠠᠯᠳᠠᠢ ᠬᠦᠮᠦᠨ ᠠᠮᠠ ᠪᠣᠯᠣᠨ | ᠴᠦᠭᠡᠨ ᠳᠤᠭᠠᠳᠤ ᠦᠨᠳᠦᠰᠦᠲᠡᠨ ᠤ ᠬᠦᠮᠦᠨ ᠠᠮᠠ ᠨᠡᠯᠢᠶᠡᠳ ᠲᠦᠪᠯᠡᠷᠡᠵᠦ ᠪᠣᠢ᠂ ᠶᠠᠳᠠᠭᠤ ᠠᠴᠠ | ᠠᠩᠬᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠤᠷ ᠬᠢᠬᠦ ᠨᠢ ᠠᠷᠠᠳ ᠤᠨ ᠠᠮᠢᠳᠤᠷᠠᠯ ᠲᠠᠢ | ᠬᠤᠯᠪᠤᠭᠳᠠᠬᠤ ᠪᠠᠷ ᠪᠠᠷᠠᠬᠤ ᠦᠭᠡᠢ᠂ ᠨᠡᠩ ᠴᠦ ᠦᠨᠳᠦᠰᠦᠲᠡᠨ ᠤ ᠪᠦᠯᠬᠦᠮᠳᠠᠯ ᠳᠠᠪᠰᠢᠯᠳᠠ ᠶᠢᠨ ᠶᠡᠭᠡ ᠳᠠᠯ᠎ᠠ ᠲᠠᠢ | ᠬᠤᠯᠪᠤᠭᠳᠠᠨ᠎ᠠ᠃ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠭᠦᠵᠤ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠠᠷᠭ᠎ᠠ ᠪᠣᠳᠣᠯᠭ᠎ᠠ ᠶᠢ ᠪᠠᠷᠢᠮᠳᠠᠯᠠᠵᠣ᠂ ᠴᠢᠩᠭ᠎ᠠ ᠪᠦᠭᠡᠳ ᠪᠤᠳᠠᠳᠠᠢ ᠪᠠᠶᠢᠬᠤ ᠠᠵᠢᠯ ᠤᠨ ᠰᠣᠷᠳᠠᠯ ᠢ | ᠪᠠᠷᠢᠮᠳᠠᠯᠠᠵᠤ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ ᠠᠵᠢᠯ ᠤᠨ ᠳᠣᠭᠳᠠᠴᠠ ᠪᠠᠨ | ᠳᠡᠭᠦᠯᠳᠡᠷᠵᠢᠭᠦᠯᠵᠤ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠨ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ | ᠳ᠋ᠦᠩ ᠤᠨ ᠦᠢᠯᠡᠳᠦᠯᠭᠡ ᠪᠣᠯᠣᠨ ᠤᠯᠠᠨ ᠲᠦᠮᠡᠨ ᠤ ᠰᠢᠯᠭᠠᠯᠳᠠ ᠶᠢ ᠳᠠᠭᠠᠭᠠᠵᠤ ᠳᠠᠶᠢᠯᠬᠦ ᠶᠢ ᠦᠨᠡᠨᠬᠦ ᠪᠠᠳᠤᠯᠠᠵᠣ᠂ | ᠪᠦᠬᠦ ᠤᠷᠤᠨ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠬᠠᠷᠠᠯᠳᠠ ᠶᠢ | ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠠᠢ ᠬᠡᠵᠦ ᠵᠢᠭᠠᠵᠣ ᠭᠠᠷᠭᠠᠪᠠ᠃ |