ᠤᠯᠤᠰ ᠤᠨ ᠪᠠᠶᠠᠷ ᠤᠨ ᠬᠤᠭᠤᠴᠠᠭᠠᠨ ᠳᠤ ᠥᠪᠥᠷ ᠮᠣᠩᠭᠤᠯ ᠤᠨ ᠲᠦᠷᠭᠡᠨ ᠬᠤᠷᠳᠤ ᠶᠢᠨ ᠵᠠᠰᠠᠮᠠᠯ ᠵᠠᠮ 7 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡ ᠶᠢ ᠰᠦᠢᠳᠬᠡᠯ ᠬᠤᠷᠢᠶᠠᠬᠤ ᠦᠭᠡᠶ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2017/9/21
      ᠤᠯᠤᠰ ᠤᠨ ᠪᠠᠶᠠᠷ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠦᠷᠭᠡᠨ ᠬᠤᠷᠳᠤ ᠶᠢᠨ ᠵᠠᠰᠠᠮᠠᠯ ᠵᠠᠮ 7 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡ ᠶᠢ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠦᠨ᠎ᠡ᠂ ᠴᠠᠭ ᠨᠢ 10 ᠳ᠋ᠤᠭᠠᠷ ᠰᠠᠷ᠎ᠠ ᠶᠢᠨ 1᠎ ᠤ ᠡᠳᠦᠷ ᠤᠨ ᠲᠡᠭ ᠴᠠᠭ ᠠᠴᠠ 10 ᠳ᠋ᠤᠭᠠᠷ ᠰᠠᠷ᠎ᠠ ᠶᠢᠨ 8᠎ ᠤ ᠡᠳᠦᠷ ᠤᠨ 24 ᠴᠠᠭ ᠪᠣᠯᠲᠠᠯ᠎ᠠ ᠬᠡᠷᠡᠭᠵᠢᠭᠦᠯᠦᠨ᠎ᠡ᠂ ᠡᠩ ᠤᠨ ᠵᠠᠰᠠᠮᠠᠯ ᠵᠠᠮ ᠪᠣᠯ ᠮᠠᠰᠢᠨ ᠲᠡᠷᠭᠡ ᠰᠦᠢᠳᠬᠡᠯ ᠬᠤᠷᠢᠶᠠᠬᠤ ᠥᠷᠲᠡᠭᠡ ᠪᠠᠷ ᠥᠩᠭᠡᠷᠡᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ᠂ ᠲᠦᠷᠭᠡᠨ ᠬᠤᠷᠳᠤ ᠶᠢᠨ ᠵᠠᠰᠠᠮᠠᠯ ᠵᠠᠮ ᠪᠣᠯ ᠮᠠᠰᠢᠨ ᠲᠡᠷᠭᠡ ᠲᠦᠷᠭᠡᠨ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠡᠭᠦᠳᠡ ᠪᠠᠷ ᠭᠠᠷᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠣᠶᠢᠯᠠᠭᠠᠭᠰᠠᠨ ᠢᠶᠠᠷ᠂ ᠰᠦᠢᠳᠬᠡᠯ ᠥᠯᠥ ᠬᠤᠷᠢᠶᠠᠬᠤ ᠬᠤᠭᠤᠴᠠᠭᠠᠨ ᠳᠤ᠂ ᠭᠠᠭᠴᠠ ᠬᠦ ETC ᠲᠥᠬᠦᠭᠡᠷᠦᠮᠵᠢ ᠶᠢ ᠤᠭᠰᠠᠷᠠᠭᠰᠠᠨ ᠠᠶᠠᠨᠴᠢᠳ ᠤᠨ ᠮᠠᠰᠢᠨ ᠲᠡᠷᠭᠡ ᠪᠣᠯ ᠰᠠᠶ᠋ᠢ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠪᠠ ᠪᠦᠬᠦ ᠤᠯᠤᠰ ᠤᠨ ETC ᠲᠡᠷᠭᠡᠨ ᠵᠠᠮ ᠤᠨ ᠰᠦᠢᠳᠬᠡᠯ ᠥᠯᠥ ᠬᠤᠷᠢᠶᠠᠬᠤ ᠵᠠᠮ ᠢᠶᠠᠷ ᠨᠡᠪᠲᠡᠷᠡᠵᠦ ᠪᠣᠯᠤᠨ᠎ᠠ᠂ ᠲᠥᠬᠦᠭᠡᠷᠦᠮᠵᠢ ᠤᠭᠰᠠᠷᠠᠭᠰᠠᠨ ᠦᠭᠡᠶ ᠲᠡᠷᠭᠡ ETC ᠲᠡᠷᠭᠡᠨ ᠵᠠᠮ ᠢᠶᠠᠷ ᠨᠡᠪᠲᠡᠷᠡᠵᠦ ᠪᠣᠯᠬᠤ ᠦᠭᠡᠢ᠂ ETC ︽ ᠮᠧᠩ ᠲᠥᠩ ᠺᠠᠷᠲ︾ ᠤᠭᠰᠠᠷᠠᠬᠤ ᠬᠦᠰᠡᠯ ᠎ ᠲᠠᠢ ᠪᠣᠯ ᠤᠢᠢᠷ᠎ᠠ ᠬᠠᠪᠢ ᠶᠢᠨ ᠢᠶᠠᠨ ᠡᠵᠡᠩᠨᠡᠯᠲᠡ ᠶᠢᠨ ᠲᠣᠣᠷ ᠴᠢᠭ᠋ ᠲᠤ ᠣᠴᠢᠬᠤ ᠪᠤᠶᠤ 12122 ᠦᠢᠯᠡᠴᠢᠯᠡᠭᠡᠨ ᠤ ᠤᠲᠠᠰᠤ ᠪᠠᠷ ᠯᠠᠪᠯᠠᠨ ᠭᠦᠢᠴᠡᠳᠬᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号