ᠪᠦᠬᠦ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ  ᠯᠢᠦ ᠰᠢᠨ ᠯᠧ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2017/9/21
      9 ᠳ᠋ᠤᠭᠡᠷ ᠰᠠᠷ᠎ᠠ ᠶᠢᠨ 14 ᠤ ᠡᠳᠦᠷ᠂ ᠪᠦᠬᠦ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠦᠪᠡᠷᠳᠡᠬᠡᠨ ᠵᠠᠰᠠᠬᠤ ᠤᠷᠤᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠬᠦᠯᠵᠤ ᠪᠤᠯᠬᠤᠶᠢᠴᠠ ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠳᠤ᠂ ᠦᠪᠡᠷᠳᠡᠬᠡᠨ ᠵᠠᠰᠠᠬᠤ ᠤᠷᠤᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠬᠦᠯᠵᠤ ᠪᠤᠯᠬᠤᠶᠢᠴᠠ ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠳ᠋ᠦᠩᠨᠠᠯᠳᠠ ᠬᠢᠭᠰᠡᠨ ᠪᠠ ᠱᠠᠩᠨᠠᠨ ᠬᠦᠬᠢᠬᠦᠯᠵᠤ᠂ ᠲᠠᠷᠠᠭᠠᠴᠢ ᠶᠢᠨ ᠠᠯᠬᠤᠮ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠮᠤᠷ ᠲᠦᠪᠰᠢᠨ ᠤ ᠠᠵᠢᠯ ᠳᠤ ᠪᠠᠶᠢᠷᠢᠯᠠᠭᠤᠯᠤᠯᠲᠠ ᠬᠢᠵᠠᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢᠦ ᠰᠢᠨ ᠯᠧ ᠶᠠᠷᠢᠶᠠᠨ ᠳᠠᠭᠠᠨ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠬᠦᠯᠵᠤ ᠪᠤᠯᠬᠤᠶᠢᠴᠠ ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠡᠬᠦᠷᠬᠡ ᠠᠮᠵᠢᠯᠳᠠᠳᠠᠢ ᠪᠡᠶᠡᠯᠡᠭᠳᠡᠭᠰᠡᠡ ᠨᠢ ᠮᠠᠨ ᠤ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠠᠵᠢᠯ ᠤᠨ ᠰᠢᠨ᠎ᠠ ᠡᠷᠡᠨ ᠢ ᠨᠡᠬᠡᠬᠡᠵᠡᠢ᠃ ᠡᠯ᠎ᠠ ᠭᠠᠵᠠᠷ ᠤᠷᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠵᠤ᠂ ᠭᠤᠤᠯᠳᠠᠯᠭ᠎ᠠ ᠶᠢ ᠳᠤᠪᠤᠶᠢᠯᠭᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠡᠤᠬᠡ ᠶᠢᠨ ᠲᠤᠷᠠᠰᠬᠠᠯᠳᠤ ᠵᠦᠢᠯᠡᠰ ᠤᠨ ᠭᠤᠤᠯᠳᠠᠯᠭᠠᠳᠤ ᠲᠦᠷᠦᠯ ᠵᠦᠢᠯ ᠢ ᠪᠦᠬᠦ ᠬᠦᠴᠦᠨ ᠢᠶᠠᠷ ᠬᠡᠷᠡᠭᠵᠢᠬᠦᠯᠵᠤ᠂ ᠲᠡᠤᠬᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠠᠵᠢᠯ ᠢ ᠰᠠᠶᠢᠲᠤᠷ ᠠᠳᠬᠤᠵᠤ᠂ ᠲᠡᠤᠬᠡ ᠶᠢᠨ ᠲᠤᠷᠠᠰᠬᠠᠯᠳᠤ ᠵᠦᠢᠯᠡᠰ ᠤᠨ ᠲᠤᠰᠬᠠᠢ ᠲᠦᠷᠦᠯ ᠤᠨ ᠴᠡᠭᠴᠡᠯᠡᠯᠳᠠ ᠶᠢ ᠦᠷᠨᠢᠬᠦᠯᠵᠤ᠂ ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠦᠷ᠎ᠠ ᠪᠦᠳᠦᠮᠵᠢ ᠶᠢ ᠰᠠᠶᠢᠲᠤᠷ ᠠᠰᠢᠬᠯᠠᠠ᠂ ᠮᠠᠨ ᠤ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠤᠨ ᠠᠵᠢᠯ ᠲᠠᠬᠢᠨ ᠰᠢᠨ᠎ᠠ ᠨᠢᠬᠡ ᠲᠡᠭᠳᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号