ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠨᠡᠷᠡᠰ ᠤᠨ ᠵᠠᠷᠯᠠᠯ
ᠨᠡᠶᠢᠲᠡᠯᠡᠭᠰᠡᠨ ᠴᠠᠭ᠄
2017/9/21
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠶᠢᠷ᠎ᠠ ᠳᠤ ᠪᠦᠬᠦ ᠣᠷᠣᠨ ᠤ ᠶᠢᠰᠦᠳᠦᠭᠡᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠬᠤ ᠪᠠᠷ ᠲᠣᠭᠲᠠᠭᠠᠪᠠ᠂ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠢᠯᠡᠷᠡᠭᠦᠯᠬᠦ ᠶᠢᠨ ᠲᠤᠰᠠᠳᠠ᠂ ᠡᠳᠦᠭᠡ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠱᠠᠩᠨᠠᠯ ᠬᠦᠬᠢᠭᠦᠯᠦᠯ ᠬᠦᠷᠲᠡᠬᠦ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠤ ᠨᠡᠷᠡᠰ ᠢ ᠵᠠᠷᠯᠠᠨ ᠮᠡᠳᠡᠭᠳᠡᠪᠡ᠃ ᠬᠡᠷᠪᠡ ᠣᠨᠳᠣᠣ ᠰᠠᠨᠠᠯ ᠲᠠᠢ ᠪᠣᠯ᠂ 2017 ᠣᠨ ᠤ 9 ᠳ᠋ᠦ᠋ᠭᠡᠷ ᠰᠠᠷ᠎ᠠ ᠶᠢᠨ 24 ᠤ ᠡᠳᠦᠷ ᠤᠨ 17᠄ 00 ᠠᠴᠠ ᠡᠮᠦᠨ᠎ᠡ᠂ ᠤᠲᠠᠰᠤ᠂ ᠹᠠᠺᠰ᠂ ᠵᠠᠬᠢᠳᠠᠯ ︵ᠵᠠᠬᠢᠳᠠᠯ ᠬᠦᠯᠢᠶᠡᠨ ᠠᠪᠤᠭᠰᠠᠨ ᠡᠳᠦᠷ ᠤᠨ ᠰᠢᠦᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ︶ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠲᠤᠰᠬᠠᠬᠤ ᠪᠣᠯᠪᠠᠤ᠃      ᠤᠲᠠᠰᠤ ︵ᠹᠠᠺᠰ︶᠄ 0471- 6611201      ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ      ᠰᠢᠦᠳᠠᠨ ᠨᠣᠮᠧᠷ᠄ 010055      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                                2017 ᠣᠨ ᠤ 9 ᠳ᠋ᠦ᠋ᠭᠡᠷ ᠰᠠᠷ᠎ᠠ ᠶᠢᠨ 19 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠢ ᠲᠠᠨᠢᠯᠴᠠᠭᠤᠯᠤᠭᠰᠠᠨ ᠨᠡᠷᠡᠰ ᠤᠨ ᠵᠠᠷᠯᠠᠯ ︵ᠨᠡᠷᠡᠰ ᠤᠨ ᠵᠢᠭᠰᠠᠭᠠᠯ ᠢ ᠬᠢᠲᠠᠳ ᠰᠦᠯᠵᠢᠶᠡᠨ ᠠᠴᠠ ᠦᠵᠡᠭᠡᠷᠡᠢ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号