2017 ᠤᠨ ᠤ ᠭᠤᠷᠪᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/9/22
      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠵᠠᠰᠠᠭ ᠤᠨ ᠣᠷᠳᠣᠨ ᠤ ᠰᠦᠯᠵᠢᠶ᠎ᠡ ᠳᠤ ᠭᠤᠷᠪᠠᠳᠤᠭᠠᠷ ᠤᠯᠠᠷᠢᠯ ᠤᠨ ᠪᠠᠶᠢᠩᠭᠤ ᠶᠢᠨ ᠴᠢᠨᠠᠷᠲᠠᠶ ᠰᠤᠭᠤᠴᠢᠨ ᠪᠠᠶᠢᠴᠠᠭᠠᠯᠲᠠ ᠬᠢᠪᠡ᠂ ᠡᠳᠦᠭᠡ ᠰᠤᠭᠤᠴᠢᠨ ᠪᠠᠶᠢᠴᠠᠭᠠᠭᠰᠠᠨ ᠪᠠᠶᠢᠳᠠᠯ ᠢ ᠳᠤᠤᠷᠠᠬᠢ ᠮᠡᠲᠦ ᠮᠡᠳᠡᠭᠳᠡᠪᠡ᠃      ᠨᠢᠭᠡ᠂ ᠰᠤᠭᠤᠴᠢᠨ ᠪᠠᠶᠢᠴᠠᠭᠠᠭᠰᠠᠨ ᠪᠠᠶᠢᠳᠠᠯ      2017 ᠤᠨ ᠤ 9 ᠳ᠋ᠦ᠋ᠭᠡᠷ ᠰᠠᠷ᠎ᠠ ᠶᠢᠨ 15᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠭᠤᠷᠪᠠᠳᠤᠭᠠᠷ ᠤᠯᠠᠷᠢᠯ ᠳᠤ ᠨᠡᠶᠢᠲᠡ 206 ᠵᠠᠰᠠᠭ ᠤᠨ ᠤᠷᠳᠤᠨ ᠤ ᠰᠦᠯᠵᠢᠶ᠎ᠡ ᠶᠢ ᠰᠤᠭᠤᠴᠢᠨ ᠪᠠᠶᠢᠴᠠᠭᠠᠵᠤ᠂ ᠰᠦᠯᠵᠢᠶ᠎ᠡ ᠶᠢᠨ ᠪᠦᠬᠦ ᠲᠤᠭᠠᠨ ᠤ 30.3%᠎ ᠶᠢ ᠡᠵᠡᠯᠡᠪᠡ᠃ ᠵᠠᠰᠠᠭ ᠤᠨ ᠣᠷᠳᠣᠨ ᠤ ᠰᠦᠯᠵᠢᠶ᠎ᠡ ᠶᠢᠨ ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠴᠡᠭᠴᠡᠯᠡᠨ ᠰᠠᠶᠢᠵᠢᠷᠠᠭᠤᠯᠬᠤ 184 ᠬᠤᠪᠢ ᠮᠡᠳᠡᠭᠳᠡᠯ ᠤᠨ ᠬᠠᠭᠤᠳᠠᠰᠤ ᠪᠠᠭᠤᠯᠭᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠭᠠᠳ᠂ ᠡᠴᠦᠰ ᠤᠨ ᠬᠢᠨᠠᠨ ᠲᠤᠭᠲᠠᠭᠠᠯᠲᠠ ᠳᠤ 122 ᠰᠦᠯᠵᠢᠶ᠎ᠡ ᠬᠢᠷᠢ ᠲᠡᠩᠴᠡᠵᠦ᠂ 63 ᠰᠦᠯᠵᠢᠶ᠎ᠡ ᠶᠢ ᠡᠭᠦᠷᠢᠳᠡ ᠬᠠᠭᠠᠵᠤ ᠵᠤᠭᠰᠤᠭᠠᠬᠤ ᠪᠠᠷ ᠲᠤᠭᠲᠠᠭᠰᠠᠨ ᠪᠥᠭᠡᠳ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠯᠭᠡᠵᠦ᠂ 11 ᠰᠦᠯᠵᠢᠶ᠎ᠡ ᠶᠢ ᠬᠢᠷᠢ ᠲᠡᠩᠴᠡᠬᠦ ᠦᠭᠡᠢ ᠰᠦᠯᠵᠢᠶ᠎ᠡ ᠪᠠᠷ ᠲᠠᠰᠤᠯᠵᠤ᠂ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠬᠤ ᠪᠠᠷ ᠪᠤᠯᠪᠠ᠃      ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ      ᠰᠤᠭᠤᠴᠢᠨ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠰᠦᠯᠵᠢᠶᠡᠨ ᠤ ᠪᠠᠶᠢᠭᠤᠯᠤᠯᠲᠠ ᠶᠢ ᠬᠦᠨᠳᠦᠳᠬᠡᠨ ᠦᠵᠡᠬᠦ ᠪᠠᠷ ᠳᠤᠲᠠᠮᠠᠭ ᠪᠠᠶᠢᠵᠤ᠂ ᠮᠡᠳᠡᠭᠡ ᠵᠠᠩᠭᠢ ᠶᠢ ᠰᠢᠨᠡᠳᠬᠡᠬᠦ ᠎ ᠨᠢ ᠬᠦᠨᠳᠦ ᠨᠣᠴᠢᠲᠠᠶ ᠬᠤᠵᠢᠮᠳᠠᠵᠤ᠂ ᠬᠤᠭᠤᠰᠣᠨ ᠪᠤᠯᠤᠩ ᠤᠨ ᠪᠠᠶᠢᠳᠠᠯ ᠮᠥᠨ ᠯᠡ ᠣᠷᠣᠰᠢᠭᠰᠠᠭᠠᠷ ᠪᠠᠶᠢᠨ᠎ᠠ᠂ ᠦᠢᠯᠡᠴᠢᠯᠡᠭᠡᠨ ᠤ ᠵᠦᠢᠯᠡᠰ ᠤᠨ ᠠᠭᠤᠯᠭ᠎ᠠ ᠨᠢ ᠪᠦᠷᠢᠨ ᠭᠦᠢᠴᠡᠳ ᠪᠤᠰᠤ᠂ ᠵᠠᠯᠭᠠᠯᠲᠠ ᠨᠢ ᠠᠯᠳᠠᠭ᠎ᠠ ᠲᠠᠢ ᠵᠡᠷᠭᠡ ᠪᠠᠶᠢᠳᠠᠯ ᠪᠠᠰᠠ ᠭᠠᠷᠴᠤ ᠪᠠᠶᠢᠨ᠎ᠠ᠃ ᠡᠭᠦᠨ ᠠᠴᠠ ᠭᠠᠳᠠᠨ᠎ᠠ᠂ ᠬᠡᠰᠡᠭ ᠨᠢᠭᠡᠴᠡ ᠰᠦᠯᠵᠢᠶᠡᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠰᠦᠯᠵᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠰᠢ ᠶᠠᠰᠢ ᠪᠠᠷ ᠦᠩᠭᠡᠷᠡᠭᠡᠬᠦ᠂ ᠪᠠᠶᠢᠴᠠᠭᠠᠯᠲᠠ ᠶᠢ ᠠᠷᠭᠠᠴᠠᠬᠤ ᠪᠠᠶᠢᠳᠠᠯ ᠲᠠᠢ ᠪᠠᠶᠢᠵᠤ᠂ ᠰᠦᠯᠵᠢᠶᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃      ᠭᠤᠷᠪᠠ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ      ᠨᠢᠭᠡ ᠳᠤ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠳᠣᠷᠣᠭᠰᠢ ᠪᠠᠭᠤᠯᠭᠠᠬᠤ ︽ᠰᠦᠯᠵᠢᠶ᠎ᠡ ᠶᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ︾᠎ ᠤᠨ ᠳᠤᠲᠤᠷ᠎ᠠ ᠰᠦᠯᠵᠢᠶᠡᠨ ᠤ ᠴᠢᠭ᠋ ᠪᠦᠷᠢ ᠶᠢᠨ ᠭᠤᠤᠯᠴᠢᠯᠠᠨ ᠬᠠᠮᠢᠶᠠᠷᠬᠤ ᠨᠢᠭᠡᠴᠡ᠂ ᠭᠤᠣᠯ ᠬᠠᠷᠢᠭᠤᠴᠠᠯᠭᠠᠲᠠᠨ᠂ ᠪᠣᠳᠠᠲᠠᠶ ᠬᠠᠷᠢᠭᠤᠴᠠᠯᠭ᠎ᠠ ᠡᠭᠦᠷᠭᠡᠯᠡᠭᠴᠢᠳ ᠢ ᠲᠤᠳᠤᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠠᠭᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠬᠦ ᠬᠡᠷᠡᠭᠲᠡᠢ᠃      ᠬᠤᠶᠠᠷ ᠲᠤ ᠵᠠᠰᠠᠭ ᠤᠨ ᠣᠷᠳᠣᠨ ᠤ ᠰᠦᠯᠵᠢᠶ᠎ᠡ ᠶᠢᠨ ᠡᠷᠴᠢᠮᠵᠢᠭᠦᠯᠬᠦ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢᠨ ᠡᠷᠴᠢᠮᠵᠢᠭᠦᠯᠬᠦ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠠᠵᠢᠯ ᠤᠨ ᠠᠭᠤᠯᠭ᠎ᠠ ᠶᠢ ᠨᠠᠷᠢᠯᠢᠬᠵᠢᠭᠤᠯᠵᠦ᠂ ︽ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠵᠠᠷᠴᠢᠮ ᠳᠡᠭᠡᠷ᠎ᠡ ᠪᠠᠨ ᠨᠢᠭᠡ ᠨᠢᠭᠡᠴᠡ ᠬᠠᠮᠤᠭ ᠤᠨ ᠤᠯᠠᠨ ᠳᠠᠭᠠᠨ ᠨᠢᠭᠡ ᠯᠡ ᠰᠦᠯᠵᠢᠶ᠎ᠡ ᠨᠡᠭᠡᠭᠡᠬᠦ︾ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠬᠠᠷᠢᠶ᠎ᠠ ᠪᠦᠬᠦᠢ ᠨᠢᠭᠡᠴᠡ ᠶᠢᠨ ᠰᠦᠯᠵᠢᠶ᠎ᠡ ᠨᠡᠶᠢᠯᠡᠭᠦᠯᠬᠦ ᠠᠵᠢᠯ ᠢ ᠱᠠᠯᠠᠪᠳᠠᠨ ᠲᠦᠯᠬᠢᠨ ᠠᠬᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠦᠢᠯᠡᠴᠢᠯᠡᠭᠡᠨ ᠤ ᠠᠭᠤᠯᠭ᠎ᠠ ᠶᠢ ᠨᠡᠭᠦᠯᠭᠡᠬᠦ ᠶᠢ ᠰᠠᠶᠢᠲᠤᠷ ᠬᠢᠬᠦ ᠬᠡᠷᠡᠭᠲᠡᠢ᠃      ᠭᠤᠷᠪᠠ ᠳᠤ ᠰᠦᠯᠵᠢᠶᠡᠨ ᠤ ᠬᠠᠶ᠋ᠢᠭ ᠪᠠ ᠨᠡᠷᠡᠶᠢᠳᠦᠯ ᠢ ᠵᠢᠷᠤᠮᠵᠢᠭᠤᠯᠬᠤ ᠱᠠᠭᠠᠷᠳᠠᠯᠭ᠎ᠠ ᠶᠢ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠳ ᠰᠦᠯᠵᠢᠶᠡᠨ ᠤ ᠵᠤᠬᠢᠴᠠᠩᠭᠤᠢ ᠪᠦᠬᠦᠢ ᠬᠠᠶ᠋ᠢᠭ ᠤᠨ ᠲᠦᠷᠢᠮ ᠶᠤᠰᠤᠭᠠᠷ᠂ ᠰᠦᠯᠵᠢᠶᠡᠨ ᠤ ᠬᠠᠶ᠋ᠢᠭ ᠢ ᠵᠢᠷᠤᠮᠵᠢᠭᠤᠯᠵᠤ ᠬᠤᠪᠢᠷᠠᠭᠤᠯᠬᠤ ᠪᠠ ᠳᠠᠩᠰᠠᠯᠠᠭᠤᠯᠬᠤ ᠠᠵᠢᠯ ᠢ ᠱᠠᠯᠠᠪᠳᠠᠨ ᠲᠥᠯᠬᠢᠨ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠶᠢᠳᠦᠯ ᠢ ᠪᠠᠶᠢᠭᠤᠯᠤᠮᠵᠢ ᠶᠢᠨ ᠨᠡᠷᠡᠶᠢᠳᠦᠯ ᠢᠶᠠᠷ ᠨᠡᠷᠡᠶᠢᠳᠬᠦ ᠱᠠᠭᠠᠷᠳᠠᠯᠭ᠎ᠠ ᠶᠣᠰᠣᠭᠠᠷ᠂ ᠥᠪᠡᠷᠰᠡᠳ ᠤᠨ ᠰᠦᠯᠵᠢᠶᠡᠨ ᠨᠡᠷᠡᠶᠢᠳᠦᠯ ᠢᠶᠠᠨ ᠠᠯᠢ ᠲᠦᠷᠭᠡᠨ ᠢᠶᠠᠷ ᠵᠢᠷᠤᠮᠵᠢᠭᠤᠯᠵᠤ᠂ ᠰᠦᠯᠵᠢᠶᠡᠨ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃      ᠳᠠᠭᠠᠯᠳᠤᠭᠤᠯᠤᠯ᠄ 2017 ᠤᠨ ᠤ ᠭᠤᠷᠪᠠᠳᠤᠭᠠᠷ ᠤᠯᠠᠷᠢᠯ ᠤᠨ ᠰᠤᠭᠤᠴᠢᠨ ᠪᠠᠶᠢᠴᠠᠭᠠᠯᠲᠠ ᠳᠤ ᠤᠯᠵᠤ ᠮᠡᠳᠡᠭᠰᠡᠨ ᠬᠢᠷᠢ ᠲᠡᠩᠴᠡᠭᠰᠡᠨ ᠦᠭᠡᠢ ᠰᠦᠯᠵᠢᠶ᠎ᠡ ᠶᠢᠨ ᠨᠡᠷᠡᠰ      2017 ᠤᠨ ᠤ 9 ᠳ᠋ᠦ᠋ᠭᠡᠷ ᠰᠠᠷ᠎ᠠ ᠶᠢᠨ 18᠎ ᠤ ᠡᠳᠦᠷ      ᠳᠠᠭᠠᠯᠳᠤᠭᠤᠯᠤᠯ᠄ 2017 ᠤᠨ ᠤ ᠭᠤᠷᠪᠠᠳᠤᠭᠠᠷ ᠤᠯᠠᠷᠢᠯ ᠤᠨ ᠰᠤᠭᠤᠴᠢᠨ ᠪᠠᠶᠢᠴᠠᠭᠠᠯᠲᠠ ᠳᠤ ᠤᠯᠵᠤ ᠮᠡᠳᠡᠭᠰᠡᠨ ᠬᠢᠷᠢ ᠲᠡᠩᠴᠡᠭᠰᠡᠨ ᠦᠭᠡᠢ ᠰᠦᠯᠵᠢᠶ᠎ᠡ ᠶᠢᠨ ᠨᠡᠷᠡᠰ ︵11︶      ᠬᠥᠬᠡᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ      ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ      ᠤᠯᠠᠭᠠᠨᠬᠠᠳᠠ ᠶᠢᠨ ᠭᠠᠯ ᠤᠨᠲᠠᠷᠠᠭᠠᠬᠤ      ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ      ᠬᠢᠩᠭᠠᠨ ᠠᠶᠢᠮᠠᠭ ᠤᠨ ᠬᠢᠨᠠᠨ ᠪᠣᠳᠣᠬᠤ ᠲᠣᠪᠴᠢᠶ᠎ᠠ      ᠬᠢᠩᠭᠠᠨ ᠠᠶᠢᠮᠠᠭ ᠤᠨ ᠵᠢᠭᠤᠯᠴᠢᠯᠠᠯ ᠤᠨ ᠲᠣᠪᠴᠢᠶ᠎ᠠ      ᠬᠢᠩᠭᠠᠨ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ      ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ      ᠣᠷᠳᠣᠰ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠦᠯᠵᠢᠶ᠎ᠡ      ᠠᠯᠠᠱᠠ ᠠᠶᠢᠮᠠᠭ ᠤᠨ ᠰᠦᠯᠵᠢᠶᠡᠨ ᠳᠡᠭᠡᠷᠡᠬᠢ ᠳᠣᠲᠣᠭᠠᠳᠤ ᠶᠢ ᠬᠠᠮᠠᠭᠠᠯᠠᠬᠤ  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号