ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠦᠬᠡᠷᠡᠴᠢᠯᠠᠯᠳᠠ ᠶᠢᠨ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2017-09-25
     9 ᠳ᠋ᠦ᠋ᠭᠡᠷ ᠰᠠᠷ᠎ᠠ ᠶᠢᠨ 14᠎ ᠤ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠦᠬᠡᠷᠡᠴᠢᠯᠠᠯᠳᠠ ᠶᠢᠨ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠬᠡᠳ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠬᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ ᠬᠤ᠋ ᠢ ᠹᠧᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠪᠠ᠃      ᠯᠢ ᠵᠢᠶᠠ ᠵᠢᠭᠠᠵᠤ ᠭᠠᠷᠭᠠᠬᠰᠠᠨ ᠨᠢ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠠᠬᠢᠭᠤᠯᠬᠤ ᠲᠤᠬᠠᠢ ᠨᠠᠮ ᠤᠨ ᠲᠦᠪ ᠬᠤᠷᠢᠶ᠎ᠠ ᠠᠴᠠ ᠳᠤᠳᠤᠷᠬᠠᠢ ᠴᠠᠬ ᠤᠨ ᠬᠦᠰᠤᠨᠦᠭᠳᠤ ᠪᠤᠯᠤᠨ ᠡᠬᠦᠷᠬᠡ ᠶᠢᠨ ᠲᠦᠯᠤᠪᠯᠡᠭᠡ ᠶᠢ ᠲᠤᠷᠠᠳᠤᠨ ᠭᠠᠷᠭᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠪᠤᠳᠠᠳᠠᠢ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠠ᠃ ᠤᠳᠤᠬᠠᠨ ᠳᠤ᠂ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠎ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠵᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠬᠦᠯᠵᠤ᠂ ᠶᠠᠷᠤᠩᠬᠡᠢ ᠱᠦᠵᠢ ᠰᠢ ᠶᠢᠨ ᠫᠢᠩ ᠤᠨ ︽7 · 26︾᠎ ᠤ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠨᠡᠶᠢᠬᠡᠮ ᠵᠢᠷᠤᠮ ᠎ ᠤᠨ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠢᠷᠢᠰ ᠴᠢᠬᠤᠯᠠ ᠵᠢᠭᠠᠪᠤᠷᠢ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ ᠢ ᠪᠠᠳᠤ ᠪᠤᠢ ᠪᠤᠯᠭᠠᠵᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠠᠬᠢᠭᠤᠯᠬᠤ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ ᠦᠨᠡᠨᠬᠦ ᠡᠬᠦᠷᠬᠡᠯᠠᠵᠤ᠂ ᠵᠦᠪ ᠴᠢᠭᠯᠡᠯ ᠢ ᠤᠨᠤᠪᠴᠢᠳᠠᠢ ᠡᠵᠡᠮᠳᠡᠵᠤ᠂ ᠨᠠᠮ ᠤᠨ ᠲᠦᠪ ᠬᠤᠷᠢᠶ᠎ᠠ ᠶᠢᠨ ᠶᠡᠭᠡ ᠪᠤᠳᠤᠯᠭ᠎ᠠ ᠴᠢᠭᠯᠡᠯ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠴᠢᠭ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠡᠮᠬᠢ ᠲᠠᠷᠠᠭᠠᠯᠠᠯ ᠲᠠᠢ ᠠᠬᠢᠭᠤᠯᠬᠤ ᠭᠡᠷᠡᠭᠳᠠᠢ ᠬᠡᠪᠡ᠃      ᠯᠢ ᠵᠢᠶᠠ ᠴᠢᠬᠤᠯᠠᠴᠢᠯᠠᠬᠰᠠᠨ ᠨᠢ᠂ ᠡᠯ᠎ᠠ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠪᠦᠬᠦ ᠤᠯᠤᠰ ᠤᠨ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠬᠤ ᠬᠤᠷᠠᠯ ᠤᠨ ᠱᠠᠭᠠᠷᠳᠠᠯᠭ᠎ᠠ ᠪᠠᠷ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠶᠢᠨ ᠬᠡᠷᠡᠭᠴᠡᠭᠡ ᠪᠠᠷ ᠳᠠᠶᠢᠴᠢᠯᠠᠯᠲᠠ ᠪᠤᠯᠭᠠᠵᠤ᠂ ᠠᠰᠠᠭᠤᠳᠠᠯ ᠪᠠ ᠵᠠᠩᠬᠢᠯᠠᠭ᠎ᠠ ᠶᠢᠨ ᠴᠢᠭ᠋ ᠢ ᠰᠠᠶᠢᠳᠤᠷ ᠠᠩᠬᠠᠷᠴᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠲᠦᠷᠦᠯ ᠲᠦᠷᠦᠯ ᠢᠶᠠᠷ ᠰᠠᠶᠢᠳᠤᠷ ᠠᠳᠬᠤᠵᠤ᠂ ᠪᠦᠬᠦ ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠪᠤᠲᠠᠲᠤ ᠴᠢᠨᠠᠷᠲᠠᠢ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ᠃ ᠦᠭᠡᠷᠡᠴᠢᠯᠡᠯᠲᠡ ᠶᠢᠨ ᠡᠭᠦᠷᠭᠡ ᠶᠢᠨ ᠪᠡᠶᠡᠯᠡᠭᠳᠡᠭᠰᠡᠨ ᠪᠠᠶᠢᠳᠠᠯ ᠢ ᠤᠯᠠᠮ ᠴᠢᠨᠠᠬᠰᠢᠲᠠ ᠡᠮᠬᠢᠯᠡᠨ ᠪᠦᠷᠢᠳᠬᠡᠵᠦ᠂ ᠨᠢᠭᠡᠨᠲᠡ ᠲᠤᠬᠲᠠᠬᠰᠠᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠬᠳᠠᠬᠰᠠᠨ ᠪᠠᠶᠢᠳᠠᠯ ᠢ ᠦᠨᠡᠯᠡᠵᠦ᠂ ᠲᠤᠤᠱᠯᠠᠭᠤᠯᠤᠬᠳᠠᠨ ᠨᠠᠶᠢᠳᠠᠪᠤᠷᠢᠵᠢᠭᠤᠯᠤᠬᠳᠠᠭᠠᠳᠤᠢ ᠦᠭᠡᠷᠡᠴᠢᠯᠡᠯᠲᠡ ᠶᠢᠨ ᠡᠭᠦᠷᠭᠡ ᠶᠢ ᠠᠷᠭ᠎ᠠ ᠪᠦᠬᠦᠨ ᠢ ᠰᠦᠪᠡᠭᠴᠢᠯᠡᠨ ᠨᠠᠷᠢᠯᠢᠬ ᠪᠤᠲᠠᠲᠠᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠦᠴᠢᠷ᠂ ᠤᠨᠴᠠᠭᠠᠢᠢᠯᠠᠨ ︽ᠨᠢᠭᠡᠳᠦᠭᠡᠷ ᠭᠠᠷ︾᠂ ᠪᠦᠬᠦ ᠬᠦᠴᠦᠨ ᠢᠶᠠᠷ ᠢᠶᠠᠨ ᠦᠭᠡᠷᠡᠴᠢᠯᠡᠯᠲᠡ ᠶᠢ ᠠᠳᠬᠤᠵᠤ᠂ ᠪᠡᠶ᠎ᠡ ᠪᠠᠷ ᠢᠶᠠᠨ ᠤᠷᠤᠯᠴᠠᠵᠤ ᠦᠭᠡᠷᠡᠴᠢᠯᠡᠯᠲᠡ ᠶᠢ ᠠᠳᠬᠤᠵᠤ᠂ ᠦᠭᠡᠷᠡᠴᠢᠯᠡᠯᠲᠡ ᠶᠢᠨ ᠳᠤᠮᠳᠠ ᠳᠤᠬᠢᠶᠠᠯᠳᠤᠬᠰᠠᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠢᠳᠡᠪᠬᠢᠲᠡᠢ ᠳᠡᠮᠵᠢᠵᠦ᠂ ᠡᠯ᠎ᠠ ᠠᠶᠢᠮᠠᠬ ᠬᠤᠲᠠ ᠶᠢᠨ ᠨᠠᠮ ᠤᠨ ᠬᠤᠷᠢᠶ᠎ᠠ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠬᠦᠴᠦᠯᠡᠵᠦ᠂ ᠤᠯᠠᠨ ᠲᠠᠯ᠎ᠠ ᠠᠴᠠ ᠰᠢᠪᠲᠤᠯᠵᠤ᠂ ᠬᠦᠨᠵᠡᠭᠡᠢ ᠠᠬᠢᠭᠤᠯᠬᠤ ᠰᠠᠶᠢᠨ ᠪᠠᠶᠢᠳᠠᠯ ᠢ ᠪᠦᠷᠢᠯᠳᠦᠭᠦᠯᠬᠦ ᠶᠢ ᠬᠠᠮᠲᠤᠪᠡᠷ ᠠᠬᠢᠭᠤᠯᠬᠤ ᠬᠡᠷᠡᠭᠲᠡᠢ ᠭᠡᠪᠠ᠃      ᠯᠢ ᠵᠢᠶᠠ ᠱᠠᠭᠠᠷᠳᠠᠬᠰᠠᠨ ᠨᠢ᠂ ᠡᠯ᠎ᠠ ᠭᠠᠵᠠᠷ ᠤᠷᠤᠨ ᠤ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠦᠭᠡᠷᠡᠴᠢᠯᠡᠯᠲᠡ ᠶᠢ ᠬᠢᠨᠠᠨ ᠪᠠᠶᠢᠴᠠᠭᠠᠬᠤ ︽ᠬᠤᠷᠴᠠ ᠵᠡᠪᠰᠡᠭ︾᠎ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠠᠶᠢᠳᠤᠷ ᠨᠠᠶᠢᠳᠠᠪᠤᠷᠢᠵᠢᠭᠤᠯᠤᠬᠳᠠᠬᠤ ᠶᠢ ᠬᠢᠨᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠰᠠᠶᠢᠳᠤᠷ ᠠᠩᠬᠠᠷᠴᠤ᠂ ︽ᠬᠠᠳᠠᠭᠠᠰᠤ ᠬᠠᠳᠠᠬᠤ︾ ᠵᠤᠷᠢᠬ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠦᠬᠦ ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠡᠯ᠎ᠡ ᠲᠦᠷᠦᠯ ᠤᠨ ᠡᠭᠦᠷᠭᠡ ᠶᠢᠨ ᠪᠤᠲᠠᠲᠠᠢ ᠳᠤ ᠨᠠᠶᠢᠳᠠᠪᠤᠷᠢᠵᠢᠭᠤᠯᠵᠤ᠂ ᠪᠤᠲᠠᠲᠤ ᠦᠷ᠎ᠡ ᠪᠦᠲᠦᠮᠵᠢ ᠲᠠᠢ ᠪᠤᠯᠵᠤ᠂ ᠬᠤᠭᠤᠴᠠᠭ᠎ᠠ ᠶᠤᠰᠤᠭᠠᠷ ᠪᠡᠶᠡᠯᠡᠭᠳᠡᠬᠦ ᠶᠢ ᠪᠠᠲᠤᠯᠠᠵᠤ᠂ ᠦᠭᠡᠷᠡᠴᠢᠯᠡᠯᠲᠡ ᠶᠢᠨ ᠪᠤᠲᠠᠲᠠᠢ ᠦᠢᠯᠡ ᠠᠵᠢᠯᠯᠠᠭ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠲᠤᠬᠤ ᠬᠡᠷᠡᠭᠲᠡᠢ ᠭᠡᠪᠠ᠃      ᠬᠤᠷᠠᠯ ᠠᠴᠠ ᠡᠨᠡ ᠵᠢᠯ ᠠᠴᠠ ᠨᠠᠰᠢᠬᠢ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠦᠴᠢᠷ ᠤᠨ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠎ ᠢ ᠠᠬᠢᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠬᠦᠯᠢᠶᠡᠨ ᠠᠪᠴᠤ ᠰᠤᠨᠤᠰᠴᠤ᠂ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠭᠤᠤᠯ ᠪᠤᠯᠬᠤ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ ᠪᠤᠲᠠᠲᠠᠢ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号