ᠪᠦᠬᠦ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2017/9/25
     ᠯᠢ ᠵᠢᠢ ᠾᠧᠩ ᠪᠦᠬᠦ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠎ ᠨᠢ      ᠪᠤᠲᠠᠲᠤ ᠴᠤᠭᠴᠠ ᠶᠢᠨ ᠠᠵᠤ ᠠᠬᠤᠢ ᠳᠤ ᠦᠢᠯᠡᠴᠢᠯᠡᠵᠦ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠮᠦᠩᠭᠦᠨ ᠭᠦᠢᠯᠭᠡᠭᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠠᠬᠤᠢ ᠪᠠ ᠮᠦᠩᠭᠦᠨ ᠭᠦᠢᠯᠭᠡᠭᠡᠨ ᠤ ᠰᠠᠶᠢᠨ ᠡᠷᠭᠢᠯᠲᠡ ᠡᠷᠡᠭᠦᠯ ᠬᠦᠭᠵᠢᠯᠲᠡ ᠶᠢ ᠠᠬᠢᠭᠤᠯᠬᠤ ᠬᠡᠷᠡᠭᠲᠡᠢ      ᠪᠦ᠋ ᠰᠢᠶᠣᠣ ᠯᠢᠨ ᠶᠠᠷᠢᠶ᠎ᠠ ᠲᠠᠯᠪᠢᠵᠤ  ᠷᠧᠨ ᠶᠠ ᠫᠢᠩ ᠨᠠᠷ ᠤᠷᠤᠯᠴᠠᠵᠡᠢ
     9 ᠳ᠋ᠦ᠋ᠭᠡᠷ ᠰᠠᠷ᠎ᠠ ᠶᠢᠨ 24᠎ ᠤ ᠡᠳᠦᠷ᠂ ᠪᠦᠬᠦ ᠤᠷᠤᠨ ᠤ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠶᠠᠷᠢᠶ᠎ᠠ ᠲᠠᠯᠪᠢᠪᠠ᠃ ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠮᠦᠩᠭᠦᠨ ᠬᠦᠢᠯᠭᠡᠭᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠭᠦ᠂ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ᠂ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ ᠪᠦᠬᠦ ᠤᠷᠤᠨ ᠤ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠳ᠋ᠦᠩᠨᠡᠯᠳᠡ ᠶᠢᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠵᠠᠢ᠃      ᠯᠢ ᠵᠢᠢ ᠾᠧᠩ ᠶᠠᠷᠢᠶᠠᠨ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠮᠦᠩᠬᠦᠨ ᠬᠦᠢᠯᠭᠡᠭᠡᠨ ᠤ ᠠᠵᠢᠯ ᠢ ᠰᠠᠶᠢᠲᠤᠷ ᠬᠢᠭᠦ ᠪᠠ ᠮᠦᠩᠭᠦᠨ ᠬᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠶᠢ ᠢᠮᠠᠬᠳᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠲᠤᠮᠤ ᠶᠠᠪᠤᠳᠠᠯ ᠪᠤᠯᠭᠠᠨ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠠᠯᠢ ᠣᠯᠠᠨ ᠴᠢᠬᠤᠯᠠ ᠶᠠᠷᠢᠶ᠎ᠠ ᠨᠡᠶᠢᠲᠡᠯᠡᠵᠦ᠂ ᠪᠢᠳᠡᠨ ᠤ ᠮᠦᠩᠭᠦᠨ ᠬᠦᠢᠯᠭᠡᠭᠡᠨ ᠤ ᠠᠵᠢᠯ ᠢ ᠰᠠᠶᠢᠲᠤᠷ ᠬᠢᠭᠦ ᠳᠤ ᠦᠵᠡᠯ ᠰᠠᠨᠠᠭᠠᠨ ᠎ ᠤ ︽ᠠᠯᠳᠠᠨ ᠲᠦᠯᠬᠢᠭᠦᠷ︾ ᠪᠠ ᠠᠵᠢᠯᠯᠠᠭᠠᠨ ᠤ ︽ᠵᠦᠭᠯᠡᠭᠦᠷ︾ ᠬᠠᠩᠭᠠᠪᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠪᠠ ᠡᠯ᠎ᠠ ᠱᠠᠳᠤᠨ ᠤ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠡᠷᠦᠩᠬᠡᠢ ᠱᠦᠵᠢ ᠰᠢ ᠶᠢᠨ ᠫᠢᠩ ᠤᠨ ᠮᠦᠩᠭᠦᠨ ᠬᠦᠢᠯᠭᠡᠭᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠲᠦᠪ ᠤᠨ ᠶᠡᠷᠦᠩᠬᠡᠢ ᠪᠤᠳᠤᠯᠭ᠎ᠠ ᠴᠢᠭᠯᠡᠯᠳᠡ ᠪᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠲᠡᠭᠡᠷ᠎ᠡ ᠨᠢᠭᠡᠳᠭᠡᠵᠤ᠂ ᠲᠡᠭᠡᠳᠦ ᠬᠡᠮᠵᠢᠶᠠᠨ ᠤ ᠬᠠᠷᠢᠭᠤᠴᠠᠯᠭᠠᠳᠦ ᠰᠡᠳᠬᠢᠯᠭᠡ ᠲᠡᠤᠭᠡᠨ ᠡᠭᠦᠷᠭᠡᠳᠦ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠷ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠤᠤᠷᠠᠬᠢ ᠮᠦᠩᠭᠦᠨ ᠬᠦᠢᠯᠭᠡᠭᠡᠨ ᠤ ᠠᠵᠢᠯ ᠢ ᠰᠠᠶᠢᠲᠤᠷ ᠬᠢᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠯᠢ ᠵᠢᠢ ᠾᠧᠩ᠂ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠭᠦ ᠶᠢ ᠭᠠᠷᠤᠭ᠎ᠠ ᠪᠤᠯᠤᠨ ᠵᠤᠬᠰᠤᠯᠳᠠ ᠪᠤᠯᠭᠠᠬᠤ ᠶᠢ ᠪᠠᠷᠢᠮᠳᠠᠯᠠᠵᠤ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠬᠢ ᠡᠭᠦᠰᠦᠯ ᠳᠡᠭᠡᠨ ᠪᠤᠴᠠᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠪᠡᠯᠡ ᠬᠤᠷᠠᠮᠳᠣᠭᠤᠯᠬᠤ ᠪᠦᠳᠦᠴᠡ ᠶᠢᠨ ᠰᠢᠰᠲ᠋ᠧᠮ ᠢ ᠬᠦᠴᠦᠯᠡᠨ ᠰᠢᠯᠢᠳᠡᠭᠵᠢᠭᠦᠯᠵᠦ᠂ ᠬᠦᠢᠯᠭᠡᠭᠡᠨ ᠤ ᠪᠦᠳᠦᠴᠡ ᠶᠢᠨ ᠰᠢᠰᠲ᠋ᠧᠮ ᠢ ᠬᠦᠴᠦᠯᠡᠨ ᠰᠢᠯᠢᠳᠡᠭᠵᠢᠭᠦᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠶᠡᠬᠡᠪᠡᠷ ᠲᠡᠮᠵᠢᠵᠦ᠂ ᠴᠢᠬᠤᠯᠠ ᠪᠠᠶᠢᠯᠳᠤᠬᠤ ᠪᠤᠳᠤᠯᠭ᠎ᠠ ᠪᠠ ᠴᠢᠬᠤᠯᠠ ᠬᠦᠷᠢᠶᠡᠨ ᠳᠠᠬᠢ ᠮᠦᠩᠭᠦᠨ ᠬᠦᠢᠯᠭᠡᠭᠡᠨ ᠤ ᠦᠢᠯᠡᠴᠢᠯᠡᠭᠡ ᠶᠢ ᠦᠨᠡᠨᠭᠦ ᠴᠢᠩᠭᠠᠳᠬᠠᠵᠤ᠂ ᠤᠯᠠᠨ ᠲᠦᠮᠡᠨ ᠪᠠ ᠪᠤᠳᠠᠳᠤ ᠴᠤᠬᠴᠠ ᠶᠢᠨ ᠠᠵᠤ ᠠᠬᠤᠢ ᠶᠢᠨ ᠤᠯᠠᠨ ᠶᠠᠩᠵᠤᠵᠢᠬᠰᠡᠨ ᠮᠦᠩᠭᠦᠨ ᠬᠦᠢᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠳᠡᠢ᠃ ᠲᠦᠪ ᠤᠨ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠲᠤᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠳᠡᠷᠡ ᠬᠡᠪ ᠢᠶᠠᠷ ᠨᠢ ᠲᠤᠤᠱᠯᠠᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠭᠦᠷᠢ ᠶᠢ ᠦᠨᠡᠨᠭᠦ ᠰᠡᠷᠭᠡᠶᠢᠯᠡᠨ ᠡᠵᠡᠮᠳᠡᠵᠤ᠂ ᠳᠤᠪᠤᠶᠢᠮ᠎ᠠ ᠲᠦᠭᠰᠢᠭᠦᠷᠢ ᠶᠢᠨ ᠴᠢᠭ᠋ ᠢ ᠢᠳᠡᠪᠬᠢᠳᠡᠢ ᠯᠠᠪᠳᠠᠭᠤᠨ ᠢᠶᠠᠷ ᠰᠡᠷᠭᠡᠶᠢᠯᠡᠨ ᠰᠢᠢᠳᠪᠦᠷᠢᠯᠡᠵᠤ᠂ ᠮᠦᠩᠭᠦᠨ ᠬᠦᠢᠯᠭᠡᠭᠡᠨ ᠤ ᠡᠮᠬᠢ ᠵᠠᠮᠪᠠᠷᠠᠭ᠎ᠠ ᠦᠬᠡᠢ ᠦᠵᠡᠭᠳᠡᠯ ᠢ ᠬᠦᠨᠵᠡᠭᠡᠢ ᠯᠠᠪᠳᠠᠭᠤᠨ ᠪᠠᠳᠣᠳᠠᠢ ᠴᠡᠭᠴᠡᠯᠡᠨ ᠵᠠᠰᠠᠵᠣ᠂ ᠰᠢᠰᠲ᠋ᠧᠮᠳᠦ ᠴᠢᠨᠠᠷ ᠲᠠᠢ ᠮᠦᠩᠭᠦᠨ ᠬᠦᠢᠯᠭᠡᠭᠡᠨ ᠤ ᠲᠦᠭᠰᠢᠭᠦᠷᠢ ᠦᠯᠦ ᠡᠭᠦᠰᠭᠦ ᠬᠤᠷᠢᠭ᠎ᠠ ᠱᠤᠭᠤᠮ ᠢ  ᠪᠠᠳᠤ ᠰᠠᠬᠢᠬᠤ ᠬᠡᠷᠡᠭᠳᠡᠢ᠃ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠨᠡᠭᠡᠭᠡᠯᠳᠡ ᠶᠢ ᠡᠷᠡᠰ ᠢᠶᠠᠷ ᠭᠦᠨᠵᠡᠭᠡᠶᠢᠷᠡᠭᠦᠯᠵᠦ᠂ ᠤᠷᠤᠨ ᠨᠤᠳᠤᠭ ᠤᠨ ᠮᠦᠩᠭᠦᠨ ᠬᠦᠢᠯᠭᠡᠭᠡᠨ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠮᠦᠩᠭᠦᠨ ᠬᠦᠢᠯᠭᠡᠭᠡᠨ ᠤ ᠭᠠᠳᠠᠭᠠᠳᠣ ᠨᠡᠭᠡᠭᠡᠯᠳᠡ ᠶᠢ ᠡᠮᠬᠢ ᠵᠢᠷᠤᠮ ᠲᠠᠢ ᠦᠷᠭᠡᠳᠭᠡᠵᠦ᠂ ᠮᠦᠩᠭᠦᠨ ᠬᠦᠢᠯᠭᠡᠭᠡᠨ ᠤ ᠦᠢᠯᠡᠰ ᠎ ᠤᠨ ᠬᠦᠭᠵᠢᠯᠳᠡ ᠶᠢᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠨᠠᠮ ᠤᠨ ᠲᠦᠪ ᠬᠤᠷᠢᠶ᠎ᠠ ᠶᠢᠨ ᠮᠦᠩᠭᠦᠨ ᠬᠦᠢᠯᠭᠡᠭᠡᠨ ᠤ ᠠᠵᠢᠯ ᠤᠨ ᠲᠤᠬᠠᠢ ᠲᠦᠪᠯᠡᠷᠡᠭᠦᠯᠦᠭᠰᠡᠨ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠮᠦᠩᠭᠦᠨ ᠬᠦᠢᠯᠭᠡᠭᠡᠨ ᠤ ᠰᠢᠰᠲ᠋ᠧᠮ ᠳᠠᠬᠢ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠮᠦᠩᠭᠦᠨ ᠬᠦᠢᠯᠭᠡᠭᠡᠨ ᠤ ᠰᠢᠰᠲ᠋ᠧᠮ ᠤᠨ ᠤᠳᠤᠷᠢᠳᠬᠤ ᠪᠠᠭ ᠤᠨ ᠪᠠᠶᠢᠭᠤᠯᠤᠯᠲᠠ ᠪᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠨ ᠮᠦᠩᠭᠦᠨ ᠬᠦᠢᠯᠭᠡᠭᠡᠨ ᠤ ᠠᠵᠢᠯ ᠢ ᠰᠠᠶᠢᠲᠤᠷ ᠬᠢᠭᠦ ᠴᠢᠳᠠᠪᠤᠷᠢ ᠪᠤᠯᠤᠨ ᠲᠦᠪᠰᠢᠨ ᠢ ᠴᠢᠷᠮᠠᠶᠢᠨ ᠲᠡᠭᠡᠭᠰᠢᠯᠡᠭᠦᠯᠵᠤ᠂ ᠮᠠᠨ ᠤ ᠤᠷᠤᠨ ᠤ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠬᠦᠭᠵᠢᠯᠳᠡ ᠶᠢᠨ ᠢᠮᠠᠬᠳᠠ ᠵᠦᠪ ᠣᠨᠣᠪᠴᠢᠳᠠᠢ ᠴᠢᠭᠯᠡᠯ ᠢᠶᠠᠷ ᠤᠷᠤᠬᠰᠢᠯᠠᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠪᠦ᠋ ᠰᠢᠶᠤᠤ ᠯᠢᠨ᠂ ᠪᠦᠬᠦ ᠤᠯᠤᠰ ᠤᠨ ᠮᠦᠩᠭᠦᠨ ᠬᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠤᠨᠤᠪᠴᠢᠳᠠᠢ ᠤᠶᠢᠯᠠᠭᠠᠨ ᠡᠵᠡᠮᠰᠢᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠮᠦᠩᠭᠦᠨ ᠬᠦᠢᠯᠭᠡᠭᠡᠨ ᠢᠶᠠᠷ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠡᠮᠵᠢᠨ ᠠᠬᠢᠭᠤᠯᠵᠤ᠂ ᠮᠦᠩᠭᠦᠨ ᠬᠦᠢᠯᠭᠡᠭᠡᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠨᠡᠶᠢᠳᠡᠮ ᠠᠰᠢᠭ ᠬᠦᠷᠳᠡᠭᠡᠭᠦ ᠮᠦᠩᠭᠦᠨ ᠬᠦᠢᠯᠭᠡᠭᠡᠨ ᠢ ᠶᠡᠭᠡᠪᠡᠷ ᠬᠦᠭᠵᠢᠭᠦᠯᠵᠤ᠂ ᠠᠵᠤ ᠠᠬᠤᠢ ᠨᠡᠶᠢᠭᠡᠮ ᠤᠨ ᠪᠠᠭᠤᠷᠠᠢ ᠭᠤᠬᠴᠤᠭ᠎ᠠ ᠳᠠᠬᠢ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠪᠤᠯᠤᠮᠵᠢᠳᠦ ᠴᠢᠨᠠᠷ ᠪᠠ ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠭᠦᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠴᠢᠨᠠᠬᠰᠢᠳᠠ ᠬᠦᠨᠳᠦᠳᠭᠡᠨ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠬᠦᠷᠦᠩᠬᠡ ᠶᠢᠨ ᠵᠠᠬ᠎ᠠ ᠲᠡᠯᠭᠡᠭᠦᠷ ᠎ ᠤᠨ ᠬᠦᠭᠵᠢᠯᠳᠡ ᠶᠢ ᠠᠬᠢᠭᠤᠯᠬᠤ ᠬᠡᠷᠡᠭᠳᠡᠢ᠃ ᠮᠦᠩᠭᠦᠨ ᠬᠦᠢᠯᠭᠡᠭᠡᠨ ᠤ ᠲᠦᠭᠰᠢᠭᠦᠷᠢ ᠶᠢ ᠦᠨᠡᠨᠭᠦ ᠰᠡᠷᠭᠡᠶᠢᠯᠡᠨ ᠨᠠᠮᠳᠠᠭᠤᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡᠨ ᠤ ᠬᠢᠨᠠᠯᠳᠠ ᠬᠠᠮᠢᠶᠠᠷᠤᠯᠳᠠ ᠪᠠ ᠦᠭᠡᠷᠡᠴᠢᠯᠡᠯᠳᠡ ᠶᠢ ᠴᠢᠩᠭᠠᠳᠬᠠᠵᠣ᠂ ᠰᠠᠶᠢᠨ ᠰᠠᠶᠢᠬᠠᠨ ᠮᠦᠩᠭᠦᠨ ᠬᠦᠢᠯᠭᠡᠭᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠮᠦᠩᠭᠦᠨ ᠬᠦᠢᠯᠭᠡᠭᠡᠨ ᠤ ᠠᠮᠤᠷ ᠲᠦᠪᠰᠢᠨ ᠦᠨᠳᠦᠷ ᠪᠦᠳᠦᠮᠵᠢᠳᠡᠢ ᠲᠤᠬᠳᠠᠭᠤᠨ ᠡᠷᠡᠭᠦᠯ ᠡᠷᠬᠢᠯᠳᠡ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号