ᠬᠤᠶᠠᠳᠣᠭᠠᠷ ᠬᠤᠭᠤᠴᠠᠭᠠᠨ ᠤ ᠣᠷᠳᠣᠰ ᠤᠨ ᠣᠯᠠᠨ ᠣᠯᠣᠰ ᠤᠨ ᠪᠥᠳᠥᠬᠡᠯᠴᠢ ᠰᠣᠶᠣᠯ ᠤᠨ ᠶᠡᠭᠡ ᠬᠤᠷᠠᠯ ᠡᠬᠢᠯᠡᠵᠠᠢ
ᠨᠡᠶᠢᠲᠡᠯᠡᠭᠰᠡᠨ ᠴᠠᠭ᠄
2017/9/25
      9 ᠳ᠋ᠤᠭᠡᠷ ᠰᠡᠷ᠎ᠠ ᠶᠢᠨ 23᠎ ᠤ ᠡᠳᠣᠷ᠂ ᠣᠷᠳᠣᠰ ᠬᠤᠳᠠ ᠶᠢᠨ ᠵᠠᠰᠠᠬ ᠤᠨ ᠣᠷᠳᠣᠨ ᠪᠠ ᠳᠣᠮᠳᠠᠳᠣ ᠣᠯᠣᠰ ᠤᠨ ᠢᠨᠲ᠋ᠧᠷ ᠰᠥᠯᠵᠢᠶ᠎ᠠ ᠶᠢᠨ ᠰᠣᠨᠢᠨ ᠮᠡᠳᠡᠭᠡ ᠶᠢᠨ ᠳᠥᠪ ᠠᠴᠠ ᠬᠠᠮᠳᠣᠷᠠᠵᠤ ᠡᠷᠬᠢᠯᠡᠭᠰᠡᠨ ᠬᠤᠶᠠᠳᠣᠭᠠᠷ ᠬᠤᠭᠤᠴᠠᠭᠠᠨ ᠤ ᠣᠷᠳᠣᠰ ᠤᠨ ᠣᠯᠠᠨ ᠣᠯᠣᠰ ᠤᠨ ᠪᠥᠳᠥᠬᠡᠯᠴᠢ ᠰᠣᠶᠣᠯ ᠤᠨ ᠶᠡᠭᠡ ᠬᠤᠷᠠᠯ ᠣᠷᠳᠣᠰ ᠬᠤᠳᠠ ᠶᠢᠨ ᠬᠤᠷᠠᠯ ᠦᠵᠡᠰᠭᠦᠯᠡᠩ ᠤᠨ ᠳᠥᠪ ᠲᠤ ᠡᠬᠢᠯᠡᠯᠳᠡ ᠶᠢᠨ ᠬᠥᠰᠢᠬᠡ ᠪᠠᠨ ᠰᠡᠬᠦᠪᠡ᠃      ᠥᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠲᠠᠷᠤᠭ᠎ᠠ ᠪᠠᠢ ᠢᠣᠢ ᠭᠠᠩ ᠬᠤᠷᠠᠯ ᠳᠤ ᠣᠷᠣᠯᠴᠠᠬᠰᠠᠨ ᠪᠥᠬᠡᠳ ︽ᠨᠢᠬᠡ ᠪᠥᠰᠠ ᠨᠢᠬᠡ ᠵᠠᠮ︾ ᠳᠠᠭᠠᠤ ᠤᠯᠤᠰ ᠤᠳ ᠤᠨ ᠨᠡᠷᠡᠳᠥ ᠪᠠᠭᠰᠢ ᠶᠢᠨ ᠪᠦᠲᠦᠭᠡᠯ ᠤᠨ ᠳᠡᠯᠭᠡᠨ ᠦᠵᠡᠭᠦᠯᠦᠯᠭᠡ ᠵᠡᠷᠭᠡ ᠶᠢ ᠲᠤᠭᠤᠷᠢᠨ ᠦᠵᠡᠪᠡ᠃      ᠳᠣᠰ ᠣᠳᠠᠭ᠎ᠠ ᠶᠢᠨ ᠶᠡᠭᠡ ᠬᠤᠷᠠᠯ ᠨᠢ ︽ᠪᠥᠳᠥᠬᠡᠯᠴᠢ ᠰᠣᠶᠣᠯ + ᠠᠵᠣ ᠠᠬᠤᠢ ᠨᠡᠶᠢᠭᠡᠮ ᠤᠨ ᠬᠥᠨᠵᠡᠬᠡᠢ ᠬᠤᠪᠢᠰᠣᠯᠳᠠ ᠶᠢ ᠠᠬᠢᠭᠤᠯᠬᠤ︾ ᠬᠡᠬᠦ ᠭᠤᠣᠯ ᠰᠡᠳᠥᠪ ᠤᠨ ᠲᠤᠭᠤᠷᠢᠨ ᠳᠤ ᠶᠠᠪᠤᠭᠳᠠᠵᠤ᠂ ᠪᠦᠳᠤᠭᠡᠯᠴᠢ ᠰᠤᠶᠤᠯ ᠤᠨ ᠭᠤᠤᠯ ᠰᠡᠳᠤᠪᠳᠤ ᠠᠵᠢᠯᠯᠠᠭ᠎ᠠ᠂ ᠪᠥᠳᠥᠬᠡᠯᠴᠢ ᠰᠣᠶᠣᠯ ᠤᠨ ᠪᠥᠳᠥᠬᠡᠯ ᠤᠨ ᠲᠡᠯᠬᠡᠨ ᠥᠵᠡᠬᠦᠯᠥᠯᠬᠡ ᠵᠡᠷᠬᠡ ᠠᠭᠤᠯᠭ᠎ᠠ ᠶᠢ ᠪᠠᠭᠳᠠᠭᠠᠬᠰᠠᠨ ᠪᠠᠶᠢᠨ᠎ᠠ᠃ ᠬᠤᠷᠠᠯ ᠤᠨ ᠬᠤᠭᠤᠴᠠᠭᠠᠨ ᠳᠤ᠂ ᠣᠯᠣᠰ ᠤᠨ ᠳᠣᠳᠣᠭᠠᠳᠣ ᠭᠠᠳᠠᠭᠠᠳᠣ ᠶᠢᠨ ᠪᠥᠳᠥᠬᠡᠯᠴᠢ ᠰᠣᠶᠣᠯ ᠤᠨ ᠵᠢᠷᠤᠬ ᠳᠥᠯᠥᠪᠯᠡᠭᠡ ᠶᠢᠨ ᠶᠡᠭᠡ ᠪᠠᠭᠰᠢᠲᠠᠨ᠂ ᠪᠥᠳᠥᠬᠡᠯᠴᠢ ᠰᠣᠶᠣᠯ ᠤᠨ ᠬᠥᠷᠢᠶ᠎ᠠ ᠴᠠᠷᠠᠭ᠎ᠠ ᠳᠠᠬᠢ ᠳᠣᠰᠬᠠᠢ ᠮᠡᠷᠬᠡᠵᠢᠯᠳᠡᠨ ᠥᠪᠡᠷ ᠥᠪᠡᠷ ᠤᠨ ᠢᠶᠠᠨ ᠪᠤᠶᠢᠳᠤᠭᠡᠯᠴᠢ ᠰᠤᠶᠤᠯ ᠤᠨ ᠬᠦᠷᠢᠶ᠎ᠠ ᠴᠠᠷᠠᠭ᠎ᠠ ᠳᠠᠬᠢ ᠬᠠᠮᠤᠭ ᠰᠢᠨ᠎ᠠ ᠪᠦᠳᠦᠭᠡᠯ ᠢᠶᠠᠨ ᠤᠯᠠᠨ᠎ᠠ ᠦᠵᠡᠬᠦᠯᠤᠨ᠎ᠠ᠃ ᠪᠠᠰᠠ ︽ᠨᠢᠬᠡ ᠪᠥᠰᠡ ᠨᠢᠬᠡ ᠵᠠᠮ︾᠎ ᠤᠨ ᠰᠣᠶᠣᠯ ᠤᠨ ᠠᠬᠤᠢ ᠪᠠᠶᠢᠳᠠᠯ ᠲᠤᠤᠷᠠᠬᠢ ᠰᠣᠶᠣᠯ ᠤᠨ ᠠᠵᠣ ᠥᠢᠯᠡᠰ ᠤᠨ ᠬᠥᠭᠵᠢᠯᠳᠡ᠂ ︽ᠪᠦᠳᠤᠭᠡᠯᠴᠢ ᠰᠤᠶᠤᠯ + ᠠᠵᠣ ᠠᠬᠤᠢ ᠨᠡᠶᠢᠭᠡᠮ ᠤᠨ ᠬᠥᠨᠵᠡᠬᠡᠢ ᠬᠤᠪᠢᠰᠣᠯᠳᠠ ᠶᠢ ᠠᠬᠢᠭᠤᠯᠬᠤ︾ ᠵᠡᠷᠬᠡ ᠵᠦᠪᠯᠡᠬᠦ ᠰᠡᠳᠣᠪ ᠤᠨ ᠲᠤᠭᠤᠷᠢᠨ ᠳᠤ ᠬᠥᠨᠵᠡᠬᠡᠢ ᠰᠣᠳᠣᠯᠣᠨ ᠶᠠᠷᠢᠯᠴᠠᠬᠤ ᠪᠤᠯᠤᠨ᠎ᠠ᠃      ᠬᠤᠷᠠᠯ ᠲᠡᠬᠡᠷ᠎ᠠ ︽ᠪᠥᠳᠥᠬᠡᠯᠴᠢ ᠰᠣᠶᠣᠯ ᠤᠨ ᠣᠷᠳᠣᠰ ᠤᠨ ᠠᠵᠢᠯᠯᠠᠭᠠᠨ ᠤ ᠳᠥᠯᠥᠪᠯᠡᠭᠡ︾᠎ ᠶᠢ ᠨᠡᠶᠢᠲᠡᠯᠡᠵᠤ᠂ 5 ᠶᠡᠭᠡ ᠬᠥᠷᠢᠶ᠎ᠠ ᠴᠠᠷᠠᠭ᠎ᠠ ᠶᠢ ᠪᠠᠭᠳᠠᠭᠠᠬᠰᠠᠨ ᠪᠥᠳᠥᠬᠡᠯᠴᠢ ᠰᠣᠶᠣᠯ ᠤᠨ ᠳᠣᠬᠢᠭᠤᠷ ᠣᠳᠣᠨ ᠤ ᠱᠠᠩᠨᠠᠯ᠂ ᠳᠣᠮᠳᠠᠳᠣ ᠣᠯᠣᠰ ᠤᠨ ᠪᠠᠷᠠᠭᠤᠨ ᠣᠷᠣᠨ ᠤ ᠪᠥᠳᠥᠬᠡᠯᠴᠢ ᠰᠣᠶᠣᠯ ᠤᠨ ᠣᠶᠣᠨ ᠤ ᠬᠥᠮᠥᠷᠬᠡ ᠶᠢᠨ ᠲᠠᠪᠴᠠᠩ ᠢ ᠪᠠᠶᠢᠭᠤᠯᠬᠤ ᠪᠠᠷ ᠳᠣᠬᠳᠠᠵᠠᠢ᠃ ᠪᠠᠰᠠ 3 ᠳ᠋ᠥᠩᠰᠢᠭᠤᠷ ᠳᠥᠬᠦᠷᠢᠭ ᠤᠨ ᠣᠷᠳᠣᠰ ᠤᠨ ᠪᠥᠳᠥᠬᠡᠯᠴᠢ ᠰᠣᠶᠣᠯ ᠤᠨ ᠬᠥᠭᠵᠢᠯᠳᠡ ᠶᠢᠨ ᠰᠠᠭᠤᠷᠢ ᠮᠥᠩᠬᠦ ᠶᠢ ᠭᠠᠷᠭᠠᠵᠣ᠂ ᠪᠥᠳᠥᠬᠡᠯᠴᠢ ᠰᠣᠶᠣᠯ ᠤᠨ ᠲᠡᠬᠡᠳᠥ ᠰᠣᠷᠭᠠᠭᠤᠯᠢ ᠶᠢ ᠪᠠᠶᠢᠭᠤᠯᠤᠨ᠂ ᠪᠥᠳᠥᠬᠡᠯᠴᠢ ᠰᠣᠶᠣᠯ ᠢ ᠣᠯᠣᠰ ᠤᠨ ᠰᠢᠨ᠎ᠠ ᠶᠢ ᠡᠬᠦᠳᠬᠦ ᠪᠠᠶᠢᠯᠳᠤᠬᠤ ᠪᠣᠳᠣᠯᠭ᠎ᠠ ᠯᠤᠭ᠎ᠠ ᠵᠤᠯᠭᠠᠭᠤᠯᠬᠤ ᠶᠢ ᠠᠬᠢᠭᠤᠯᠵᠣ᠂ ᠣᠷᠳᠣᠰ ᠬᠤᠳᠠ ᠶᠢᠨ ᠠᠵᠣ ᠠᠬᠤᠢ ᠨᠡᠶᠢᠭᠡᠮ ᠤᠨ ᠬᠥᠭᠵᠢᠯᠳᠡ ᠶᠢᠨ ᠰᠢᠨ᠎ᠠ ᠵᠠᠭᠪᠤᠷᠰᠢᠯ ᠢ ᠪᠤᠢ ᠪᠤᠯᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号