2017 ᠣᠨ ᠤ ᠳᠤᠮᠳᠠᠳᠤ ᠤᠯᠤᠰ ᠤᠨ ᠪᠡᠶ᠎ᠠ ᠶᠢᠨ ᠳᠠᠮᠢᠷ ᠰᠤᠶᠤᠯ ᠤᠨ ᠦᠵᠡᠰᠬᠦᠯᠡᠩ ᠤᠨ ᠴᠤᠬᠯᠠᠭᠠᠨ ᠳᠤᠮᠳᠠᠳᠤ ᠤᠯᠤᠰ ᠤᠨ ᠪᠠᠶ᠎ᠠ ᠶᠢᠨ ᠳᠠᠮᠢᠷ ᠵᠤᠭᠠᠴᠠᠯ ᠤᠨ ᠦᠵᠡᠰᠬᠦᠯᠡᠩ ᠤᠨ ᠴᠤᠬᠯᠠᠭᠠᠨ ᠪᠤᠭᠤᠳᠤ ᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2017/9/25
      9 ᠳ᠋ᠦ᠋ᠭᠡᠷ ᠰᠠᠷ᠎ᠠ ᠶᠢᠨ 23᠎ ᠤ ᠡᠳᠦᠷ᠂ 2017 ᠣᠨ ᠤ ᠳᠤᠮᠳᠠᠳᠤ ᠤᠯᠤᠰ ᠤᠨ ᠪᠡᠶ᠎ᠠ ᠶᠢᠨ ᠳᠠᠮᠢᠷ ᠰᠤᠶᠤᠯ ᠤᠨ ᠦᠵᠡᠰᠬᠦᠯᠡᠩ ᠤᠨ ᠴᠤᠬᠯᠠᠭᠠᠨ᠂ ᠳᠤᠮᠳᠠᠳᠤ ᠤᠯᠤᠰ ᠤᠨ ᠪᠠᠶ᠎ᠠ ᠶᠢᠨ ᠳᠠᠮᠢᠷ ᠵᠤᠭᠠᠴᠠᠯ ᠤᠨ ᠦᠵᠡᠰᠬᠦᠯᠡᠩ ᠤᠨ ᠴᠤᠬᠯᠠᠭᠠᠨ ᠪᠤᠭᠤᠳᠤ ᠬᠤᠳᠠ ᠳᠤ ᠡᠬᠢᠯᠡᠵᠦ᠂ ᠤᠯᠤᠰ ᠤᠨ ᠪᠠᠶ᠎ᠠ ᠶᠢᠨ ᠳᠠᠮᠢᠷ ᠤᠨ ᠶᠡᠷᠦᠩᠬᠡᠢ ᠲᠤᠪᠴᠢᠶ᠎ᠠ ᠶᠢᠨ ᠳᠡᠳ᠋ ᠳᠠᠷᠤᠭ᠎ᠠ ᠵᠤᠤ ᠶᠦᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠴᠠᠩ ᠵᠢᠶᠦ᠋ᠨ ᠵᠧᠩ ᠵᠢᠴᠢ ᠤᠯᠤᠰ ᠤᠨ ᠪᠠᠶ᠎ᠠ ᠶᠢᠨ ᠳᠠᠮᠢᠷ ᠎ ᠤᠨ ᠶᠡᠷᠦᠩᠬᠡᠢ ᠲᠤᠪᠴᠢᠶ᠎ᠠ ᠶᠢᠨ ᠬᠠᠮᠢᠶ᠎ᠠ ᠪᠦᠬᠦᠢ ᠵᠤᠷᠭᠠᠨ ᠳᠤᠪᠴᠢᠶ᠎ᠠ ᠶᠢᠨ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠦ ᠦᠵᠡᠰᠬᠦᠯᠡᠩ ᠤᠨ ᠴᠤᠬᠯᠠᠭᠠᠨ ᠤ ᠬᠦᠰᠢᠬᠡ ᠶᠢ ᠰᠡᠬᠦᠪᠡ᠃      ᠵᠤᠤ ᠶᠦᠩ ᠪᠠᠶᠠᠷ ᠤᠨ ᠦᠬᠡ ᠬᠡᠯᠡᠬᠦ ᠳᠡᠭᠡᠨ᠂ 2017 ᠣᠨ ᠤ ᠳᠤᠮᠳᠠᠳᠤ ᠤᠯᠤᠰ ᠤᠨ ᠪᠡᠶ᠎ᠠ ᠶᠢᠨ ᠳᠠᠮᠢᠷ ᠰᠤᠶᠤᠯ ᠤᠨ ᠦᠵᠡᠰᠬᠦᠯᠡᠩ ᠤᠨ ᠴᠤᠬᠯᠠᠭᠠᠨ᠂ ᠳᠤᠮᠳᠠᠳᠤ ᠤᠯᠤᠰ ᠤᠨ ᠪᠠᠶ᠎ᠠ ᠶᠢᠨ ᠳᠠᠮᠢᠷ ᠵᠤᠭᠠᠴᠠᠯ ᠤᠨ ᠦᠵᠡᠰᠬᠦᠯᠡᠩ ᠤᠨ ᠴᠤᠬᠯᠠᠭᠠᠨ ᠪᠤᠭᠤᠳᠤ ᠬᠤᠳᠠ ᠳᠤ ᠡᠬᠢᠯᠡᠭᠰᠡᠨ ᠨᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠳᠠᠮᠢᠷ ᠤᠨ ᠴᠤᠬᠯᠠᠭᠠᠨ ᠤ ᠲᠠᠷᠠᠭ᠎ᠠ ᠶᠠᠪᠤᠬᠳᠠᠵᠦ ᠪᠠᠶᠢᠭ᠎ᠠ ᠪᠠᠰᠠ ᠨᠢᠬᠡ ᠤᠳᠠᠭ᠎ᠠ ᠶᠢᠨ ᠪᠠᠶ᠎ᠠ ᠶᠢᠨ ᠳᠠᠮᠢᠷ ᠤᠨ ᠦᠪᠡᠳᠡᠭᠰᠢ ᠴᠤᠬᠯᠠᠭᠠᠨ ᠪᠤᠯᠤᠨ᠎ᠠ᠃ ᠳᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠨᠢ ᠦᠩᠬᠡᠷᠡᠭᠰᠡᠨ ᠤ ᠬᠢ ᠲᠠᠢ ᠠᠳᠠᠯᠢ ᠦᠬᠡᠢ ᠪᠠᠶᠢᠵᠦ᠂ ᠦᠵᠡᠰᠬᠦᠯᠡᠩ ᠳᠤ ᠤᠷᠤᠯᠴᠠᠬᠰᠠᠨ ᠬᠡᠪᠴᠢᠶ᠎ᠠ ᠨᠢ ᠨᠡᠩ ᠦᠷᠬᠡᠨ᠂ ᠠᠭᠤᠯᠭ᠎ᠠ ᠨᠢ ᠨᠡᠩ ᠪᠠᠶᠠᠯᠢᠬ᠂ ᠵᠠᠬ᠎ᠠ ᠳᠡᠯᠬᠡᠬᠦᠷᠵᠢᠯᠳᠡ ᠶᠢᠨ ᠬᠡᠮᠵᠢᠶ᠎ᠠ ᠨᠢ ᠨᠡᠩ ᠦᠨᠳᠦᠷ ᠪᠠᠶᠢᠵᠦ᠂ ᠠᠷᠠᠳ ᠢᠷᠬᠡᠳ ᠲᠠᠢ ᠨᠡᠩ ᠤᠶᠢᠷᠠᠳᠤᠯᠴᠠᠬᠰᠠᠨ ᠪᠠᠶᠢᠨ᠎ᠠ ᠬᠡᠵᠦ ᠬᠡᠯᠡᠪᠡ᠃ ᠵᠤᠤ ᠶᠦᠩ ᠵᠢᠭᠠᠵᠦ ᠭᠠᠷᠭᠠᠬᠤ ᠳᠠᠭᠠᠨ᠂ ᠪᠡᠶ᠎ᠠ ᠶᠢᠨ ᠳᠠᠮᠢᠷ᠂ ᠰᠤᠶᠤᠯ᠂ ᠵᠤᠭᠠᠴᠠᠯ ᠶᠢᠨ ᠬᠦᠨᠴᠡ ᠠᠭᠤᠰᠤᠯᠴᠠᠯ ᠨᠢ ᠬᠦᠮᠦᠰ ᠤᠨ ᠰᠠᠨᠠᠭᠠᠨ ᠠᠴᠠ ᠭᠠᠳᠠᠭᠤᠷᠬᠢ ᠰᠢᠨ᠎ᠠ ᠪᠦᠳᠦᠬᠡᠭᠳᠡᠬᠦᠨ᠂ ᠰᠢᠨ᠎ᠠ ᠡᠵᠡᠩᠨᠡᠯᠳᠡ ᠶᠢᠨ ᠬᠡᠯᠪᠡᠷᠢ ᠪᠤᠯᠤᠨ ᠰᠢᠨ᠎ᠠ ᠬᠡᠪ ᠵᠠᠬᠪᠤᠷ ᠢ ᠡᠬᠦᠳᠬᠦ ᠪᠤᠯᠤᠨ᠎ᠠ ᠬᠡᠪᠡ᠃      ᠴᠠᠩ ᠵᠢᠶᠦ᠋ᠨ ᠵᠧᠩ ᠬᠡᠯᠡᠬᠦ ᠳᠡᠭᠡᠨ᠂ ᠳᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠨᠢ ᠦᠪᠦᠷ ᠮᠤᠩᠭᠤᠯ ᠤᠨ ᠪᠦᠬᠦ ᠤᠯᠤᠰ ᠤᠨ ᠡᠯ᠎ᠠ ᠭᠠᠵᠠᠷ ᠤᠷᠤᠨ ᠤ ᠳᠡᠷᠢᠬᠦᠨ ᠤ ᠪᠠᠶ᠎ᠠ ᠶᠢᠨ ᠳᠠᠮᠢᠷ ᠰᠤᠶᠤᠯ ᠢ ᠰᠤᠷᠤᠯᠴᠠᠬᠤ ᠳᠤ ᠬᠤᠪᠤᠷ ᠨᠠᠨᠳᠢᠨ ᠠᠵᠠ ᠳᠤᠬᠢᠶᠠᠯ ᠤᠯᠭᠤᠵᠦ ᠦᠭᠬᠦ ᠶᠢᠨ ᠬᠠᠮᠳᠤ᠂ ᠪᠠᠰᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠳᠤᠷᠰᠢᠬᠢ ᠪᠡᠶ᠎ᠠ ᠶᠢᠨ ᠳᠠᠮᠢᠷ ᠤᠨ ᠦᠢᠯᠡᠰ ᠤᠨ ᠬᠦᠭᠵᠢᠯᠳᠡ ᠶᠢᠨ ᠠᠮᠵᠢᠯᠳᠡ ᠪᠦᠳᠦᠮᠵᠢ ᠶᠢ ᠨᠡᠩ ᠰᠠᠶᠢᠨ ᠢᠶᠠᠷ ᠳᠡᠯᠬᠡᠨ ᠦᠵᠡᠬᠦᠯᠬᠦ ᠳᠤ ᠳᠡᠪᠴᠠᠩ ᠬᠠᠩᠭᠠᠬᠤ ᠪᠤᠯᠤᠨ᠎ᠠ᠃ ᠡᠯ᠎ᠠ ᠠᠬ᠎ᠠ ᠳᠡᠬᠦᠦ ᠮᠤᠵᠢ ᠤᠷᠤᠨ ᠬᠤᠳᠠ ᠶᠢᠨ ᠬᠢᠨ ᠳᠤᠰ ᠤᠳᠠᠭ᠎ᠠ ᠶᠢᠨ ᠦᠵᠡᠰᠬᠦᠯᠡᠩ ᠤᠨ ᠴᠤᠬᠯᠠᠭᠠᠨ ᠢᠶᠠᠷ ᠠᠵᠠ ᠳᠤᠬᠢᠶᠠᠯ ᠪᠤᠯᠭᠠᠵᠦ᠂ ᠪᠠᠶ᠎ᠠ ᠶᠢᠨ ᠳᠠᠮᠢᠷ ᠪᠤᠯᠤᠨ ᠰᠤᠶᠤᠯ᠂ ᠵᠤᠭᠠᠴᠠᠯ ᠵᠡᠷᠬᠡ ᠬᠠᠮᠢᠶ᠎ᠠ ᠪᠦᠬᠦᠢ ᠠᠵᠢᠯ ᠳᠦᠷᠦᠯ ᠤᠨ ᠠᠭᠤᠰᠤᠯᠴᠠᠨ ᠬᠦᠭᠵᠢᠬᠦ ᠶᠢ ᠬᠦᠴᠦᠯᠡᠨ ᠠᠬᠢᠭᠤᠯᠵᠦ᠂ ᠨᠡᠬᠡᠬᠡᠯᠳᠡ ᠬᠢᠬᠦ ᠳᠡᠭᠡᠨ ᠡᠮᠬᠢ ᠴᠡᠭᠴᠡ ᠲᠠᠢ᠂ ᠠᠮᠢᠵᠢᠷᠠᠯ ᠤᠨ ᠬᠦᠴᠦᠨ ᠢᠶᠠᠷ ᠪᠠᠳᠠᠷᠠᠩᠭᠤᠢ ᠳᠤᠮᠳᠠᠳᠤ ᠤᠯᠤᠰ ᠤᠨ ᠤᠨᠴᠠᠯᠢᠬ ᠲᠠᠢ ᠪᠠᠶ᠎ᠠ ᠶᠢᠨ ᠳᠠᠮᠢᠷ ᠤᠨ ᠬᠦᠴᠦᠷᠬᠡᠭ ᠤᠯᠤᠰ ᠢ ᠴᠤᠬᠴᠠᠯᠠᠨ ᠪᠠᠶᠢᠭᠤᠯᠬᠤ ᠵᠠᠮ ᠳᠤ ᠰᠢᠨ᠎ᠠ ᠪᠦᠬᠡᠳ ᠨᠡᠩ ᠶᠡᠭᠡ ᠬᠤᠪᠢ ᠨᠡᠮᠡᠷᠢ ᠥᠵᠡᠭᠦᠯᠦᠶ᠎ᠡ ᠬᠡᠪᠡ᠃      ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠴᠤᠬᠯᠠᠭᠠᠨ ᠳᠤ ᠤᠷᠤᠯᠴᠠᠬᠰᠠᠨ ᠤᠳᠤᠷᠢᠳᠤᠯᠭ᠎ᠠ ᠪᠤᠯᠤᠨ ᠬᠦᠨᠳᠦᠳᠦ ᠵᠤᠴᠢᠳ ᠳᠤᠮᠳᠠᠳᠤ ᠤᠯᠤᠰ ᠤᠨ ᠪᠠᠶ᠎ᠠ ᠶᠢᠨ ᠳᠠᠮᠢᠷ ᠰᠤᠶᠤᠯ ᠤᠨ ᠬᠦᠭᠵᠢᠯᠳᠡ ᠶᠢᠨ ᠳᠦᠷᠦᠬᠦᠴᠤᠳ ᠤᠨ ᠶᠠᠷᠢᠶᠠᠨ ᠤ ᠳᠠᠪᠴᠠᠩ ᠳᠤ ᠤᠷᠤᠯᠴᠠᠵᠦ᠂ ᠡᠯ᠎ᠠ ᠦᠵᠡᠬᠦᠯᠦᠯᠬᠡ ᠶᠢᠨ ᠲᠤᠭᠤᠷᠢᠭ ᠢᠶᠠᠷ ᠲᠣᠭᠤᠷᠢᠨ ᠦᠵᠡᠪᠡ᠃      ᠤᠶᠢᠯᠠᠭᠠᠬᠰᠠᠨ ᠢᠶᠠᠷ᠂ ᠳᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠨᠢ ︽ᠪᠠᠶ᠎ᠠ ᠶᠢᠨ ᠳᠠᠮᠢᠷ ᠰᠤᠶᠤᠯ ᠠᠴᠠ ᠰᠢᠮ᠎ᠠ ᠳᠡᠵᠢᠬᠡᠯ ᠬᠦᠷᠳᠡᠵᠦ᠂ ᠪᠠᠶ᠎ᠠ ᠶᠢᠨ ᠳᠠᠮᠢᠷ ᠵᠤᠭᠠᠴᠠᠯ ᠢ ᠪᠡᠶᠡᠷ ᠬᠦᠷ ᠲᠠᠢ ᠡᠳ᠋ᠯᠡᠶ᠎ᠠ︾ ᠬᠡᠬᠦ ᠪᠠᠷ ᠭᠤᠤᠯ ᠰᠡᠳᠦᠪ ᠪᠤᠯᠭᠠᠵᠠᠢ᠃ ᠦᠵᠡᠰᠬᠦᠯᠡᠩ ᠤᠨ ᠴᠤᠬᠯᠠᠭᠠᠨ ᠨᠢ ᠪᠠᠶ᠎ᠠ ᠶᠢᠨ ᠳᠠᠮᠢᠷ ᠰᠤᠶᠤᠯ ᠤᠨ ᠭᠤᠤᠯ ᠰᠡᠳᠦᠪᠳᠦ ᠦᠵᠡᠬᠦᠯᠦᠯᠬᠡ ᠶᠢᠨ ᠳᠤᠭᠤᠷᠢᠬ᠂ ᠮᠤᠵᠢ ᠬᠤᠳᠠ ᠶᠢᠨ ᠪᠠᠶ᠎ᠠ ᠶᠢᠨ ᠳᠠᠮᠢᠷ ᠰᠤᠶᠤᠯ ᠵᠤᠭᠠᠴᠠᠯ ᠤᠨ ᠦᠵᠡᠬᠦᠯᠦᠯᠬᠡ ᠶᠢᠨ ᠳᠤᠭᠤᠷᠢᠬ᠂ ᠦᠨᠳᠦᠰᠦᠳᠡᠨ ᠤ ᠤᠨᠴᠠᠯᠢᠬ ᠲᠠᠢ ᠦᠵᠡᠬᠦᠯᠦᠯᠬᠡ ᠶᠢᠨ ᠳᠤᠭᠤᠷᠢᠬ᠂ ᠳᠦᠷᠦᠯ ᠳᠡᠮᠳᠡᠭᠳᠦ ᠰᠤᠶᠤᠯ ᠪᠤᠯᠤᠨ ᠬᠤᠳᠠ ᠶᠢᠨ ᠰᠤᠳᠤᠨ ᠪᠦᠳᠦᠬᠡᠭᠳᠡᠬᠦᠨ ᠤ ᠦᠵᠡᠬᠦᠯᠦᠯᠬᠡ ᠶᠢᠨ ᠳᠤᠭᠤᠷᠢᠬ ᠵᠡᠷᠬᠡ 4 ᠶᠡᠭᠡ ᠦᠵᠡᠬᠦᠯᠦᠯᠬᠡ ᠶᠢᠨ ᠳᠤᠭᠤᠷᠢᠬ ᠢᠶᠠᠷ ᠪᠦᠷᠢᠯᠳᠦᠵᠡᠢ᠃ 3 ᠡᠳᠦᠷ ᠶᠠᠪᠤᠬᠳᠠᠬᠤ ᠦᠵᠡᠰᠬᠦᠯᠡᠩ ᠤᠨ ᠴᠤᠬᠯᠠᠭᠠᠨ ᠎ ᠳᠤ ᠳᠤᠮᠳᠠᠳᠤ ᠤᠯᠤᠰ ᠤᠨ ᠪᠡᠶ᠎ᠠ ᠶᠢᠨ ᠳᠠᠮᠢᠷ ᠵᠤᠭᠠᠴᠠᠯ ᠤᠨ ᠬᠦᠭᠵᠢᠯᠳᠡ ᠶᠢ ᠡᠬᠦᠰᠬᠡᠨ ᠪᠠᠶᠢᠭᠤᠯᠵᠦ ᠪᠡᠯᠡ ᠤᠷᠤᠭᠤᠯᠤᠬᠰᠠᠨ ᠶᠠᠷᠢᠶᠠᠨ ᠤ ᠳᠠᠪᠴᠠᠩ᠂ ᠳᠤᠮᠳᠠᠳᠤ ᠤᠯᠤᠰ ᠤᠨ ᠪᠡᠶ᠎ᠠ ᠶᠢᠨ ᠳᠠᠮᠢᠷ ᠤᠨ ᠺᠢᠨᠣ᠋ ᠳᠧᠯᠸᠢᠰ ᠤᠨ ᠬᠡᠷ᠎ᠠ ᠳᠤᠬᠳᠠᠬᠤ ᠶᠤᠰᠤᠯᠠᠯ ᠪᠤᠯᠤᠨ ᠫᠢᠩᠫᠤᠩ ᠪᠦᠮᠪᠦᠭᠡ ᠪᠠᠷ ᠰᠡᠳᠦᠪᠯᠡᠭᠰᠡᠨ ︽ᠠᠯᠳᠠᠨ ᠮᠧᠳᠠᠯ ᠤᠯᠤᠬᠰᠠᠨ ᠨᠢ︾ ᠬᠡᠬᠦ ᠳᠧᠯᠸᠢᠰ ᠵᠦᠴᠦᠬᠡ ᠶᠢᠨ ᠡᠬᠢᠯᠡᠯᠳᠡ ᠶᠢᠨ ᠶᠤᠰᠤᠯᠠᠯ᠂ ᠤᠯᠢᠮᠫᠢᠺ ᠤᠨ ᠳᠠᠮᠢᠷ ᠤᠨ ᠴᠤᠬᠯᠠᠭᠠᠨ ᠤ ᠨᠡᠶᠢᠳᠡ ᠶᠢᠨ ᠠᠰᠠᠷᠠᠮᠵᠢ ᠶᠢᠨ ᠠᠶᠠᠯᠠᠯ᠂ ᠳᠤᠮᠳᠠᠳᠤ ᠤᠯᠤᠰ ᠤᠨ ᠳᠠᠮᠢᠷᠴᠢᠨ ᠤ ᠬᠢᠨᠢᠰ ᠤᠨ ᠳᠡᠯᠡᠬᠡᠢ ᠶᠢᠨ ᠳᠡᠮᠳᠡᠭᠯᠡᠯ ᠢ ᠨᠤᠳᠠᠯᠠᠬᠤ ᠵᠡᠷᠬᠡ ᠤᠯᠠᠨ ᠠᠷᠪᠢᠨ ᠳᠦᠷᠦᠯ ᠵᠦᠢᠯ ᠤᠨ ᠠᠵᠢᠯᠯᠠᠭ᠎ᠠ ᠶᠢ ᠶᠠᠪᠤᠬᠳᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号