9 ᠳ᠋ᠤᠭᠡᠷ ᠰᠠᠷ᠎ᠠ ᠶᠢᠨ 19 ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ | ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ | ᠠᠵᠢᠯ ᠤᠨ ᠤᠳᠤᠷᠢᠳᠬᠤ ᠳᠤᠭᠤᠶᠢᠯᠠᠩ ︵ᠦᠷᠭᠡᠳᠭᠡᠭᠰᠡᠨ︶ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ | ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠪᠤᠯᠤᠨ | ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠵᠠᠰᠠᠭ ᠤᠨ | ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ | ᠰᠡᠷᠭᠡᠶᠢᠯᠡᠬᠦ ᠠᠵᠢᠯ ᠢ ᠳᠣᠬᠢᠷᠠᠭᠤᠯᠣᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠲᠦ ᠶᠠᠷᠢᠶ᠎ᠠ ᠲᠠᠯᠪᠢᠪᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ | ᠳᠡᠳ᠋ ᠳᠡᠷᠢᠭᠦᠯᠡᠭᠴᠢ ᠵᠠᠩ ᠵᠢᠶᠠᠨ ᠮᠢᠨ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠦᠸᠧ ᠶᠦᠩ ᠭᠠᠩ᠂ ᠦᠪᠡᠷᠳᠡᠭᠡᠨ | ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ | ᠤᠷᠤᠨ ᠤ ᠡᠳ᠋ ᠤᠨ ᠵᠠᠰᠠᠭ ᠤᠨ ᠲᠢᠩᠬᠢᠮ᠂ ᠮᠦᠩᠬᠦᠨ ᠬᠦᠢᠯᠭᠡᠭᠡᠨ ᠤ ᠠᠯᠪᠠᠨ ᠬᠡᠷ ᠤᠨ ᠬᠠᠷᠢᠭᠤᠴᠠᠯᠭᠠᠳᠠᠨ | ᠨᠦᠬᠦᠳ ᠬᠤᠷᠠᠯ ᠳᠡᠭᠡᠷ᠎ᠡ ᠦᠭᠡ ᠬᠡᠯᠡᠪᠡ᠃ | ᠪᠦ᠋ ᠰᠢᠶᠤᠤ ᠯᠢᠨ ᠶᠠᠷᠢᠶᠠᠨ ᠳᠠᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ᠤᠯᠤᠰ ᠲᠦᠷᠦ ᠶᠢᠨ | ᠵᠤᠭᠰᠤᠴᠠ ᠪᠠᠨ ᠳᠡᠭᠡᠭᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ | ᠨᠦᠬᠦᠳ ᠤᠨ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ | ᠤᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠡᠳ᠋ ᠤᠨ ᠵᠠᠰᠠᠭ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠳᠣᠬᠠᠢ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠳᠣᠣᠱᠯᠠᠭᠤᠯᠣᠨ ᠨᠠᠶᠢᠳᠠᠪᠤᠷᠢᠵᠢᠭᠤᠯᠬᠤ | ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠬᠤᠳᠠ | ᠪᠣᠯᠣᠨ ᠬᠤᠰᠢᠭᠤ ᠰᠢᠶᠠᠨ ᠨᠢ ᠵᠠᠰᠠᠭ ᠤᠨ ᠤᠷᠳᠤᠨ ᠤ ᠦᠷᠢ ᠦᠭᠴᠡᠭᠡ ᠶᠢ ᠵᠣᠷᠪᠣᠰ ᠳᠠᠷᠠᠭᠠᠯᠠᠨ ᠡᠮᠬᠢᠯᠡᠵᠤ ᠦᠷᠢ | ᠦᠭᠴᠡᠭᠡ ᠶᠢᠨ ᠦᠨᠳᠦᠰᠦᠨ ᠪᠠᠶᠢᠳᠠᠯ ᠢ ᠳᠠᠷᠣᠢ ᠲᠦᠷᠭᠡᠨ ᠲᠦᠢᠯᠪᠦᠷᠢᠳᠡᠢ ᠤᠶᠢᠯᠠᠭᠠᠵᠤ᠂ ᠬᠠᠷᠢᠭᠤᠴᠠᠯᠭ᠎ᠠ ᠶᠢᠨ | ᠭᠤᠣᠯ ᠴᠣᠭᠴᠠ ᠶᠢ ᠨᠠᠶᠢᠳᠠᠪᠤᠷᠢᠵᠢᠭᠤᠯᠤᠨ ᠨᠠᠷᠢᠨ ᠳᠠᠩᠰᠠ ᠶᠢᠨ ᠬᠠᠮᠢᠶᠠᠷᠣᠯᠳᠠ ᠶᠢ ᠬᠡᠷᠡᠭᠵᠢᠭᠦᠯᠵᠤ᠂ ᠬᠠᠮᠢᠶ᠎ᠠ | ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠳᠠᠢ᠃ ᠵᠠᠰᠠᠭ ᠤᠨ ᠤᠷᠳᠤᠨ ᠦᠷᠢᠳᠦᠬᠦ | ᠰᠢᠨ᠎ᠡ ᠲᠦᠷᠦᠯ ᠵᠦᠢᠯ ᠪᠦᠬᠦᠨ ᠢ ᠣᠷᠢᠳᠠᠪᠠᠷ ᠦᠷᠢ ᠦᠭᠴᠡᠭᠡ ᠶᠢᠨ ᠲᠦᠭᠰᠢᠭᠦᠷᠢ ᠶᠢ ᠨᠢ ᠦᠨᠡᠯᠡᠵᠦ᠂ ᠬᠢᠨᠠᠨ | ᠵᠦᠪᠰᠢᠶᠡᠷᠡᠬᠦ ᠡᠮᠬᠢ ᠳᠠᠷᠠᠭᠠᠯᠠᠯ ᠢ ᠴᠢᠩᠳᠠᠯᠠᠨ ᠪᠤᠳᠠᠳᠠᠢ ᠠᠴᠠ ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ ᠬᠢᠷᠢ ᠪᠠᠷ | ᠬᠢᠬᠦ ᠬᠡᠷᠡᠭᠳᠠᠢ᠃ ᠬᠠᠷᠢᠭᠤᠴᠠᠯᠭ᠎ᠠ ᠶᠢᠨ ᠳᠣᠭᠳᠠᠴᠠ ᠶᠢ ᠳᠡᠭᠦᠯᠳᠡᠷᠵᠢᠭᠦᠯᠤᠨ ᠵᠠᠰᠠᠭ ᠤᠨ ᠤᠷᠳᠤᠨ ᠤ ᠪᠡᠯᠡ | ᠤᠷᠤᠭᠤᠯᠬᠤ ᠲᠦᠷᠦᠯ ᠵᠦᠢᠯ ᠢ ᠬᠢᠨᠠᠨ ᠪᠠᠶᠢᠴᠠᠭᠠᠬᠤ ᠪᠠ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠣ᠂ ᠦᠷᠢ | ᠦᠭᠴᠡᠭᠡ ᠶᠢᠨ ᠪᠡᠯᠡ ᠮᠦᠩᠬᠦ ᠶᠢ ᠬᠡᠷᠡᠭᠯᠡᠬᠦ ᠦᠷ᠎ᠡ ᠠᠰᠢᠭ ᠤᠨ ᠬᠠᠮᠢᠶᠠᠷᠤᠯᠳᠠ ᠶᠢ ᠴᠢᠩᠭᠠᠳᠬᠠᠨ ᠰᠢᠰᠲ᠋ᠧᠮᠲᠦ | ᠴᠢᠨᠠᠷᠳᠠᠢ ᠮᠦᠩᠬᠦᠨ ᠬᠦᠢᠯᠭᠡᠭᠡᠨ ᠤ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠣᠭᠤᠮ ᠢ ᠡᠷᠡᠰ ᠰᠠᠬᠢᠬᠤ ᠬᠡᠷᠡᠭᠳᠠᠢ | ᠬᠡᠵᠤ ᠴᠢᠬᠤᠯᠠᠴᠢᠯᠠᠪᠠ᠃ | ᠪᠦ᠋ ᠰᠢᠶᠤᠤ ᠯᠢᠨ᠂ ᠰᠢᠨ᠎ᠡ ᠬᠦᠭᠵᠢᠯᠳᠡ ᠶᠢᠨ ᠤᠨᠤᠯᠵᠢᠬᠤᠨ ᠢ ᠪᠠᠳᠤ ᠪᠠᠬᠢ ᠪᠤᠢ ᠪᠤᠯᠭᠠᠨ | ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ | ᠪᠠᠳᠣᠳᠠᠢ ᠠᠬᠢᠭᠤᠯᠵᠤ᠂ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠣᠷᠢ ᠶᠢ ᠦᠭᠡᠶᠢᠰᠭᠡᠬᠦ᠂ ᠬᠡᠷ ᠭᠠᠵᠠᠷ ᠤᠨ | ᠬᠦᠷᠦᠩᠬᠡ ᠶᠢᠨ ᠬᠦᠮᠦᠷᠭᠡᠯᠡᠯᠳᠡ ᠶᠢ ᠡᠮᠬᠢ ᠵᠢᠷᠣᠮ ᠲᠠᠢ ᠪᠠᠭᠠᠰᠬᠠᠬᠤ ᠪᠣᠯᠣᠨ ᠠᠵᠤ ᠠᠬᠤᠶᠢᠯᠠᠯ ᠤᠨ ᠦᠪᠡᠷ ᠤᠨ | ᠦᠷᠳᠡᠭ ᠢ ᠪᠠᠭᠤᠷᠠᠭᠤᠯᠬᠤ ᠵᠡᠷᠭᠡ ᠠᠵᠢᠯ ᠢ ᠰᠠᠶᠢᠲᠤᠷ ᠬᠢᠵᠤ᠂ ᠬᠦᠨᠳᠦ ᠬᠦᠩᠬᠡᠨ ᠠᠯᠭᠤᠷ ᠪᠠᠴᠢᠮ ᠢ ᠳᠣᠳᠣᠷᠬᠠᠢ | ᠢᠯᠭᠠᠨ᠂ ᠬᠡᠷᠡᠭᠴᠡᠭᠡ ᠪᠣᠯᠣᠨ ᠪᠤᠯᠤᠯᠴᠠᠭ᠎ᠠ ᠶᠢ ᠡᠵᠡᠮᠰᠢᠵᠦ᠂ ᠳᠣᠳᠠᠭᠤᠳᠠᠯ ᠢ ᠨᠦᠬᠦᠪᠦᠷᠢᠯᠡᠬᠦ ᠶᠢ ᠰᠢᠨᠵᠢᠯᠡᠬᠦ | ᠤᠬᠠᠭᠠᠨᠴᠢ ᠪᠠᠷ ᠡᠮᠬᠢ ᠵᠢᠷᠣᠮ ᠲᠠᠢ ᠠᠬᠢᠭᠤᠯᠬᠤ ᠬᠡᠷᠡᠭᠳᠡᠢ᠃ ᠵᠦᠪ ᠤᠨᠤᠪᠴᠢᠲᠠᠢ ᠤᠯᠤᠰ ᠲᠦᠷᠦ ᠶᠢᠨ | ᠪᠦᠳᠦᠮᠵᠢ ᠶᠢᠨ ᠦᠵᠡᠯᠳᠡ ᠶᠢ ᠪᠤᠢ ᠪᠤᠯᠭᠠᠨ᠂ ᠠᠯᠢᠪᠡ ᠠᠵᠢᠯ ᠳᠤ ᠴᠦᠮ ᠪᠤᠳᠠᠳᠠᠢ ᠠᠴᠠ ᠡᠭᠦᠰᠬᠦ ᠶᠢ ᠪᠠᠷᠢᠮᠳᠠᠯᠠᠨ | ᠪᠤᠰᠤᠳᠴᠢ ᠵᠢᠮ᠎ᠡ ᠶᠤᠰᠤ ᠪᠠᠷ ᠣᠴᠢᠷ ᠶᠠᠪᠣᠳᠠᠯ ᠢ ᠰᠢᠢᠳᠪᠦᠷᠢᠯᠡᠵᠦ᠂ ᠬᠦᠢᠴᠡᠳ ᠪᠠᠶᠢᠴᠠᠭᠠᠨ ᠰᠤᠳᠤᠯᠤᠭᠰᠠᠨ | ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠪᠦᠭᠡᠳ ᠠᠷᠠᠳᠴᠢᠯᠠᠯ ᠲᠠᠢ ᠬᠠᠤᠯᠢ ᠶᠤᠰᠤᠭᠠᠷ ᠰᠢᠢᠳᠪᠦᠷᠢᠳᠦ ᠪᠣᠳᠣᠯᠭ᠎ᠠ | ᠳᠣᠭᠳᠠᠭᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠦᠷᠢ ᠦᠭᠴᠡᠭᠡ ᠶᠢᠨ | ᠬᠠᠮᠢᠶᠠᠷᠤᠯᠳᠠ ᠶᠢ ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠳᠤᠷᠢᠳᠬᠤ | ᠳᠤᠭᠤᠶᠢᠯᠠᠩ ᠨᠢ ᠨᠢᠭᠡᠳᠦᠯᠳᠠᠢ ᠲᠦᠯᠦᠪᠵᠢᠭᠦᠯᠦᠨ ᠲᠤᠬᠢᠷᠠᠭᠤᠯᠬᠤ᠂ ᠰᠢᠮᠳᠠᠭᠤᠯᠤᠨ ᠪᠠᠶᠢᠴᠠᠭᠠᠵᠤ ᠵᠢᠯᠤᠭᠤᠳᠬᠤ᠂ | ᠠᠵᠢᠯ ᠢ ᠰᠤᠳᠤᠯᠬᠤ ᠪᠠ ᠲᠦᠷᠢᠮ ᠳᠤᠭᠳᠠᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠭᠦᠨ ᠨᠢᠬᠡᠴᠡ ᠨᠢ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠨ᠂ ᠨᠢᠭᠳᠠ | ᠬᠠᠮᠵᠢᠯᠴᠠᠨ ᠯᠠᠪᠳᠠᠭᠤᠨ ᠪᠠᠳᠣᠳᠠᠢ ᠠᠵᠢᠯᠯᠠᠬᠤ ᠬᠡᠷᠡᠭᠳᠡᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠴᠦ ᠵᠣᠬᠢᠴᠠᠩᠭᠤᠢ ᠠᠵᠢᠯ ᠤᠨ ᠳᠣᠭᠳᠠᠴᠠ ᠶᠢ ᠪᠠᠶᠢᠭᠤᠯᠤᠨ᠂ ᠲᠤᠰ ᠭᠠᠵᠠᠷ ᠤᠷᠤᠨ ᠤ ᠪᠠᠨ ᠦᠷᠢ | ᠦᠭᠴᠡᠭᠡ ᠶᠢᠨ ᠬᠠᠮᠢᠶᠠᠷᠤᠯᠳᠠ ᠪᠣᠯᠣᠨ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠬᠦ ᠠᠵᠢᠯ ᠢ ᠰᠠᠶᠢᠲᠤᠷ | ᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠦᠨᠡᠨᠬᠦ ᠪᠠᠳᠤᠯᠠᠵᠣ | ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠤ ᠶᠢ ᠤᠭᠳᠤᠬᠤ ᠬᠡᠷᠡᠭᠳᠠᠢ ᠭᠡᠵᠦ ᠱᠠᠭᠠᠷᠳᠠᠪᠠ᠃ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠦᠷᠢ ᠦᠭᠴᠡᠭᠡ ᠶᠢᠨ ᠬᠠᠮᠢᠶᠠᠷᠤᠯᠳᠠ ᠶᠢ | ᠵᠢᠷᠣᠮᠵᠢᠭᠤᠯᠵᠣ ᠮᠦᠩᠬᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠳᠠᠳ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠤᠭᠤᠷᠢᠭ︶ ᠤ ᠭᠤᠤᠯ ᠬᠠᠷᠢᠭᠤᠴᠠᠯᠭᠠᠳᠠᠨ ᠨᠦᠬᠦᠳ ᠲᠤᠰ ᠳᠣᠰ ᠭᠤᠤᠯ ᠬᠤᠷᠠᠯ ᠤᠨ ᠳᠠᠯᠠᠪᠠᠢ ᠪᠣᠯᠣᠨ | ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠪᠠ᠃ | |