ᠯᠢ ᠵᠢᠢ ᠾᠧᠩ ᠪᠦ᠋ ᠰᠢᠶᠤᠤ ᠯᠢᠨ ᠲᠤᠮᠳᠠᠳᠤ ᠤᠯᠤᠰ ᠲᠤ ᠰᠠᠭᠤᠭ᠎ᠠ ᠡᠯᠴᠢᠳ ᠤᠨ ᠪᠦᠯᠬᠦᠮ  ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2017/9/25
     9 ᠳ᠋ᠦ᠋ᠭᠡᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠲᠤᠮᠳᠠᠳᠤ ᠤᠯᠤᠰ ᠲᠤ ᠰᠠᠭᠤᠭ᠎ᠠ ᠮᠢᠺᠷᠤᠨᠧᠰᠢᠶ᠎ᠠ ᠶᠢᠨ ᠬᠤᠯᠪᠤᠭ᠎ᠠ ᠶᠢᠨ ᠡᠯᠴᠢᠨ ᠰᠠᠶᠢᠳ ᠺᠠᠯᠰᠤᠨ · ᠠᠫᠢᠰ ᠢᠶᠠᠷ ᠪᠦᠯᠬᠦᠮ ᠤᠨ ᠲᠠᠷᠤᠭ᠎ᠠ ᠪᠤᠯᠭᠠᠬᠰᠠᠨ ᠲᠤᠮᠳᠠᠳᠤ ᠤᠯᠤᠰ ᠲᠤ ᠰᠠᠭᠤᠭ᠎ᠠ ᠡᠯᠴᠢᠳ ᠤᠨ ᠪᠦᠯᠬᠦᠮ ᠤᠨ ᠬᠢᠨ ᠲᠠᠢ ᠠᠭᠤᠯᠵᠠᠪᠠ᠃      ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠲᠤᠮᠳᠠᠳᠤ ᠤᠯᠤᠰ ᠲᠤ ᠰᠠᠭᠤᠭ᠎ᠠ ᠡᠯᠴᠢᠳ ᠤᠨ ᠪᠦᠯᠬᠦᠮ ᠤᠨ ᠦᠪᠦᠷ ᠮᠤᠩᠭᠤᠯ ᠳᠤ ᠠᠶᠢᠯᠴᠢᠯᠠᠨ ᠲᠤᠭᠤᠷᠢᠨ ᠦᠵᠡᠬᠦ ᠶᠢᠨ ᠬᠠᠮᠳᠤ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠳᠤ ᠤᠷᠤᠯᠴᠠᠬᠤ ᠶᠢ ᠤᠬᠳᠤᠵᠤ ᠪᠠᠶᠢᠬᠤ ᠪᠠᠨ ᠢᠯᠡᠳᠭᠡᠵᠤ᠂ ᠡᠯᠴᠢᠨ ᠰᠠᠶᠢᠳ ᠨᠠᠷ ᠪᠠ ᠲᠤᠮᠳᠠᠳᠤ ᠤᠯᠤᠰ ᠤᠨ ᠭᠠᠳᠠᠭᠠᠳᠦ ᠶᠠᠪᠣᠳᠠᠯ ᠤᠨ ᠶᠠᠮᠤᠨ ᠤ ᠤᠷᠳᠤ ᠬᠤᠭᠤᠴᠠᠭᠠᠨ ᠤ ᠲᠤᠷᠰᠢ ᠦᠪᠦᠷ ᠮᠤᠩᠭᠤᠯ ᠳᠤ ᠦᠵᠡᠭᠦᠯᠦᠭᠰᠡᠨ ᠬᠠᠯᠠᠮᠵᠢᠯᠡᠯ ᠪᠤᠯᠤᠨ ᠲᠡᠮᠵᠢᠯᠭᠡ ᠳᠤ ᠲᠠᠯᠠᠷᠬᠠᠵᠣ ᠪᠠᠶᠢᠬᠤ ᠪᠠᠨ ᠢᠯᠡᠳᠭᠡᠪᠡ᠃ ᠦᠪᠦᠷ ᠮᠤᠩᠭᠤᠯ ᠪᠠ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠤ ᠦᠨᠳᠦᠰᠦᠨ ᠪᠠᠶᠢᠳᠠᠯ ᠢ ᠲᠦᠭᠦᠮ ᠲᠠᠨᠢᠯᠴᠠᠭᠤᠯᠤᠬᠰᠠᠨ  ᠤ ᠲᠠᠷᠠᠭ᠎ᠠ᠂ ᠯᠢ ᠵᠢᠢ ᠾᠧᠩ᠂ ᠦᠪᠦᠷ ᠮᠤᠩᠭᠤᠯ ᠪᠤᠯ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠵᠠᠩᠬᠢᠯᠠᠭ᠎ᠠ ᠶᠢᠨ ᠭᠠᠵᠠᠷ ᠤᠷᠤᠨ ᠪᠣᠯᠣᠨ᠎ᠠ᠂ ᠪᠢᠳᠡ ︽ᠨᠢᠭᠡ ᠪᠦᠰᠡ ᠨᠢᠭᠡ ᠵᠠᠮ︾  ᠤᠨ ᠪᠦᠳᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠴᠤ᠂ ᠪᠦᠬᠦ ᠲᠠᠯ᠎ᠠ ᠪᠠᠷ ᠭᠠᠳᠠᠭᠠᠳᠦ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢ ᠶᠡᠭᠡᠪᠡᠷ ᠬᠡᠷᠡᠭᠵᠢᠭᠦᠯᠦᠨ᠂ ᠨᠡᠩᠦᠷᠭᠡᠨ ᠬᠠᠷᠠᠴᠠ ᠪᠤᠯᠤᠨ ᠪᠠᠭᠳᠠᠭᠠᠮᠵᠢ ᠪᠠᠷ ᠨᠡᠭᠡᠭᠡᠯᠳᠡᠳᠦ ᠬᠦᠭᠵᠢᠯᠳᠡ ᠶᠢᠨ ᠵᠠᠮ ᠢᠶᠠᠷ ᠰᠠᠶᠢᠳᠤᠷ ᠵᠠᠮᠨᠠᠵᠤ᠂ ᠦᠪᠡᠷᠳᠡᠭᠡᠨ ᠵᠠᠰᠠᠬᠤ ᠤᠷᠤᠨ ᠨᠡᠩ ᠶᠡᠭᠡ ᠬᠡᠪᠴᠢᠶ᠎ᠠ ᠪᠤᠯᠤᠨ ᠨᠡᠩ ᠦᠷᠭᠡᠨ ᠬᠦᠷᠢᠶᠡᠨ ᠳᠤ ᠪᠦᠬᠦ ᠤᠯᠤᠰ ᠲᠠᠢ ᠠᠭᠤᠰᠤᠯᠴᠠᠨ᠂ ᠲᠡᠯᠡᠬᠡᠢ ᠲᠡᠰᠢ ᠵᠠᠮᠨᠠᠬᠤ ᠶᠢ ᠠᠬᠢᠭᠤᠯᠦᠨ᠎ᠠ᠃ ᠲᠤᠮᠳᠠᠳᠤ ᠤᠯᠤᠰ ᠲᠤ ᠰᠠᠭᠤᠭ᠎ᠠ ᠡᠯᠴᠢᠳ ᠤᠨ ᠦᠷᠭᠦᠯᠵᠢᠯᠡᠨ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠤᠨ ᠬᠦᠭᠵᠢᠯᠳᠡ ᠶᠢ ᠬᠠᠯᠠᠮᠵᠢᠯᠠᠨ ᠲᠡᠮᠵᠢᠵᠤ᠂ ᠪᠢᠳᠡᠨ ᠢ ᠬᠠᠪᠰᠤᠷᠤᠨ ᠤᠬᠠᠭᠤᠯᠤᠨ ᠲᠠᠨᠢᠯᠴᠠᠭᠤᠯᠵᠤ᠂ ᠬᠦᠬᠦᠷᠭᠡ ᠬᠤᠯᠪᠤᠭᠠᠰᠦ ᠪᠤᠯᠵᠤ᠂ ᠦᠷᠭᠡᠨ ᠢᠶᠠᠷ ᠨᠦᠬᠦᠷᠯᠡᠯ ᠪᠠᠶᠢᠭᠤᠯᠵᠤ᠂ ︽ᠭᠠᠷᠴᠤ ᠶᠠᠪᠤᠬᠤ︾ ︽ᠤᠷᠤᠭᠤᠯᠤᠨ ᠠᠪᠴᠢᠷᠠᠬᠤ︾ ᠶᠢ ᠨᠡᠩ ᠰᠠᠶᠢᠳᠤᠷ ᠬᠦᠢᠴᠡᠤᠨᠬᠡᠵᠤ᠂ ᠠᠵᠤ ᠠᠬᠤᠢ ᠶᠢᠨ ᠲᠡᠯᠡᠬᠡᠶᠢᠵᠢᠯᠳᠡ ᠶᠢᠨ ᠠᠰᠢᠭ ᠢ ᠨᠡᠩ ᠢᠯᠡᠭᠦᠦ ᠡᠳ᠋ᠯᠡᠭᠦᠯᠦᠨ᠂ ᠡᠯ᠎ᠠ ᠤᠯᠤᠰ  ᠤᠨ ᠠᠷᠠᠳ ᠲᠦᠮᠡᠨ ᠳᠤ ᠨᠡᠩ ᠢᠯᠡᠭᠦᠦ ᠪᠤᠶᠠᠨ ᠦᠢᠯᠡᠳᠬᠦ ᠶᠢ ᠬᠦᠰᠡᠵᠤ ᠪᠠᠶᠢᠨ᠎ᠠ ᠬᠡᠪᠡ᠃      ᠺᠠᠯᠰᠤᠨ · ᠠᠫᠢᠰ ᠵᠡᠷᠭᠡ ᠲᠤᠮᠳᠠᠳᠤ ᠤᠯᠤᠰ ᠲᠤ ᠰᠠᠭᠤᠭ᠎ᠠ ᠡᠯᠴᠢᠳ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠤ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠢᠯᠠᠩᠭᠤᠶ᠎ᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠤᠬᠰᠠᠨ ᠠᠮᠵᠢᠯᠳᠡ ᠶᠢ ᠦᠨᠳᠦᠷ ᠦᠨᠡᠯᠡᠪᠡ᠃ ᠤᠯᠠᠨ ᠢᠶᠠᠷ ᠢᠶᠠᠨ ︽ᠨᠢᠭᠡ ᠪᠦᠰᠡ ᠨᠢᠭᠡ ᠵᠠᠮ︾ ᠤᠨ ᠪᠣᠷᠣ ᠲᠦᠯᠦᠪ ᠲᠤᠤᠷ᠎ᠠ᠂ ᠦᠪᠦᠷ ᠮᠤᠩᠭᠤᠯ ᠤᠨ ᠬᠦᠭᠵᠢᠯᠳᠡ ᠲᠠᠢ ᠪᠠᠶᠢᠯᠳᠤᠬᠤ ᠪᠤᠳᠤᠯᠭ᠎ᠠ ᠶᠢᠨ ᠵᠤᠯᠭᠠᠯᠴᠠᠭ᠎ᠠ ᠪᠠᠨ ᠴᠢᠨᠠᠬᠰᠢᠳᠠ ᠴᠢᠩᠭᠠᠳᠬᠠᠵᠤ᠂ ᠬᠠᠮᠳᠤᠷᠠᠨ ᠠᠵᠢᠯᠯᠠᠬᠤ ᠲᠤᠬᠳᠠᠴᠠ ᠶᠢ ᠬᠠᠮᠳᠤᠪᠡᠷ ᠵᠦᠪᠯᠡᠨ᠂ ᠬᠠᠮᠳᠤᠷᠠᠯᠴᠠᠭ᠎ᠠ ᠶᠢᠨ ᠲᠠᠪᠴᠠᠩ ᠢ ᠬᠠᠮᠳᠤᠪᠡᠷ ᠪᠠᠶᠢᠭᠤᠯᠵᠤ᠂ ᠬᠠᠮᠳᠤᠷᠠᠯᠴᠠᠭ᠎ᠠ ᠶᠢᠨ ᠬᠡᠯᠪᠡᠷᠢ ᠶᠢᠨ ᠰᠢᠨ᠎ᠠ ᠶᠢ ᠡᠭᠦᠳᠴᠤ᠂ ᠦᠷᠭᠡᠨ ᠲᠡᠯᠭᠡᠷ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠦᠷᠨᠢᠭᠦᠯᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠡᠩ ᠰᠠᠶᠢᠳᠤᠷ ᠬᠠᠪᠰᠤᠷᠤᠨ ᠠᠬᠢᠭᠤᠯᠤᠨ᠎ᠠ ᠬᠡᠵᠤ ᠢᠯᠡᠷᠬᠡᠶᠢᠯᠡᠵᠡᠭᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠠᠢ ᠯᠢ ᠬᠤᠸᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号